ᠲᠥᠮᠥᠰᠥᠨ ᠤ ᠠᠵᠤ ᠦᠢᠯᠡᠰ ᠤᠨ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠲᠠᠶᠢᠹᠤᠰᠧ ᠬᠤᠰᠢᠭᠤᠨ ᠳᠤ ᠨᠤᠳᠤᠭᠰᠢᠪᠠ
ᠨᠡᠶᠢᠲᠡᠯᠡᠭᠰᠡᠨ ᠴᠠᠭ᠄
2022/12/16
  12 ᠰᠠᠷ᠎ᠠ ᠶᠢᠨ 14 ᠤ ᠡᠳᠦᠷ᠂  ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠪᠡᠭᠡᠵᠢᠩ ᠤᠨ ᠺᠠᠢ ᠳ᠋ᠠ ᠾᠧᠩ ᠶᠧ ᠲᠠᠷᠢᠶᠠᠯᠠᠩ ᠤᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ  ᠲᠦᠮᠦᠰᠦᠨ ᠤ ᠠᠵᠤ ᠦᠢᠯᠡᠰ ᠤᠨ  ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠠᠮᠵᠢᠯᠳᠠ ᠲᠠᠢ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠮᠡᠳᠡᠭᠡ ᠵᠠᠩᠭᠢ ᠪᠠᠶᠢᠴᠠᠭᠠᠨ ᠰᠢᠯᠭᠠᠬᠤ ᠲᠥᠪ ᠤᠨ ᠡᠷᠬᠢᠯᠡᠭᠴᠢ ᠸᠠᠩ ᠵᠧᠨ ᠵᠥᠩ᠂  ᠠᠶᠢᠮᠠᠭ ᠤᠨ ᠳᠡᠳ᠋  ᠳᠠᠷᠤᠭ᠎ᠠ ᠶᠠᠩ ᠯᠢ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ  ᠶᠣᠰᠣᠯᠠᠯ ᠳᠤ ᠤᠷᠤᠯᠴᠠᠨ᠂  ᠳᠡᠳ᠋  ᠬᠤᠰᠢᠭᠤ ᠳᠠᠷᠤᠭ᠎ᠠ ᠪᠦᠦ ᠴᠢᠩ ᠱᠠᠨ ᠶᠣᠰᠣᠯᠠᠯ ᠢ ᠡᠷᠭᠢᠯᠡᠪᠡ᠃ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂  ᠶᠠᠩ ᠯᠢ ᠠᠴᠠ ᠪᠡᠭᠡᠵᠢᠩ ᠤᠨ ᠺᠠᠢ ᠳ᠋ᠠ ᠾᠧᠩ ᠶᠧ ᠲᠠᠷᠢᠶᠠᠯᠠᠩ ᠤᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠭᠰᠡᠨ ᠤ ᠬᠠᠮᠳᠤ᠂ ᠲᠦᠷᠦᠯ ᠵᠦᠢᠯ ᠤᠨ ᠠᠮᠵᠢᠯᠲᠠ ᠲᠠᠢ ᠪᠦᠳᠦᠭᠰᠡᠨ ᠳᠤ ᠪᠠᠶᠠᠷ  ᠵᠦᠩᠨᠡᠯ ᠢᠶᠠᠨ ᠲᠡᠪᠰᠢᠬᠦᠯᠵᠡᠢ  ᠃  ᠶᠠᠩ ᠯᠢ ᠶᠠᠷᠢᠶᠠᠨ  ᠳᠠᠭᠠᠨ᠂ ᠪᠡᠭᠡᠵᠢᠩ ᠤᠨ ᠺᠠᠢ ᠳ᠋ᠠ ᠾᠧᠩ ᠶᠧ ᠲᠠᠷᠢᠶᠠᠯᠠᠩ ᠤᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠲᠠᠶᠢᠹᠤᠰᠧ ᠬᠤᠰᠢᠭᠤᠨ ᠳᠤ ᠨᠤᠳᠤᠭᠰᠢᠭᠰᠠᠨ ᠶᠠᠪᠤᠳᠠᠯ ᠨᠢ ᠲᠠᠶᠢᠹᠤᠰᠧ ᠬᠤᠰᠢᠭᠤᠨ ᠤ ᠲᠠᠷᠢᠶᠠᠯᠠᠩ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ ᠲᠠᠯ᠎ᠠ ᠪᠠᠷ ᠢᠶᠠᠨ  ᠡᠨᠡ ᠤᠳᠠᠭᠠᠨ ᠤ ᠲᠦᠷᠦᠯ ᠵᠦᠢᠯ ᠤᠨ ᠭᠡᠷ᠎ᠡ ᠲᠣᠭᠲᠠᠬᠤ ᠶᠠᠪᠤᠳᠠᠯ ᠢᠶᠠᠷ ᠰᠢᠨ᠎ᠡ ᠭᠠᠷᠤᠭ᠎ᠠ ᠪᠣᠯᠭᠠᠵᠤ᠂  ᠬᠠᠮᠳᠤᠷᠠᠯᠴᠠᠭ᠎ᠠ ᠪᠠᠨ ᠴᠢᠩᠭᠠᠳᠬᠠᠨ᠂ ᠠᠵᠢᠯ ᠤᠨ ᠠᠬᠢᠴᠠ ᠪᠠᠨ ᠲᠦᠷᠭᠡᠳᠬᠡᠵᠦ᠂ ᠲᠦᠷᠦᠯ ᠵᠦᠢᠯ  ᠢ  ᠡᠷᠳᠡ ᠨᠢᠬᠡ ᠡᠳᠦᠷ ᠠᠰᠢᠭᠯᠠᠯᠲᠠ ᠳᠤ ᠤᠷᠤᠭᠤᠯᠤᠨ  ᠂ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ  ᠬᠡᠵᠡᠢ᠃  ᠺᠠᠢ ᠳ᠋ᠠ ᠾᠧᠩ ᠶᠧ ᠲᠠᠷᠢᠶᠠᠯᠠᠩ ᠤᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠴᠠᠩ ᠠᠨ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ  ᠲᠤᠰᠪᠤᠷᠢ ᠬᠤᠶᠠᠷ ᠲᠠᠯ᠎ᠠ ᠶᠢ ᠲᠥᠯᠥᠭᠡᠯᠡᠨ ᠬᠠᠮᠲᠤᠷᠠᠯᠴᠠᠭᠠᠨ ᠤ ᠭᠡᠷ᠎ᠡ ᠳᠤ ᠭᠠᠷ ᠤᠨ ᠥᠰᠥᠭ ᠵᠢᠷᠤᠪᠠ᠃ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠵᠢᠴᠢ  ᠬᠤᠰᠢᠭᠤᠨ  ᠤ ᠤᠳᠤᠷᠢᠳᠤᠯᠭ᠎ᠠ ᠮᠠ ᠷᠦᠢ ᠮᠠᠨ᠂ ᠯᠢ ᠵᠠᠨ ᠪᠦᠦ᠂ ᠡᠷᠳᠡᠨᠢᠪᠠᠭᠠᠳᠤᠷ᠂ ᠮᠠ ᠵᠥᠩ ᠰᠢᠶᠦ᠋ᠨ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号