ᠴᠠᠩ ᠫᠢᠩ ᠲᠣᠭᠤᠷᠢᠭ ᠪᠣᠯᠣᠨ ᠲᠠᠶᠢᠹᠤᠰᠧ ᠬᠤᠰᠢᠭᠤ  ᠬᠠᠪᠰᠤᠷᠤᠨ ᠲᠡᠳᠬᠦᠬᠦ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/19
 12 ᠰᠠᠷ᠎ᠠ ᠶᠢᠨ 17  ᠤ ᠡᠳᠦᠷ᠂ ᠪᠡᠭᠡᠵᠢᠩ ᠬᠤᠳᠠ ᠶᠢᠨ ᠴᠠᠩ ᠫᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᡁᠢ ᠰᠢᠶᠠᠨ ᠸᠧᠢ  ᠵᠡᠷᠭᠡ ᠬᠦᠮᠦᠰ ᠲᠠᠶᠢᠹᠤᠰᠧ ᠬᠤᠰᠢᠭᠤᠨ ᠳᠤ ᠭᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ  ᠠᠵᠢᠯ ᠪᠤᠯᠤᠨ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠠᠵᠢᠯ ᠤᠨ ᠲᠤᠬᠠᠢ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠤᠯᠢᠯᠴᠠᠭᠰᠠᠨ ᠪᠠᠶᠢᠨ᠎ᠠ᠃ ᠴᠠᠩ ᠫᠢᠩ ᠲᠣᠭᠤᠷᠢᠭ ᠤᠨ ᠳᠡᠳ᠋ ᠳᠠᠷᠤᠭ᠎ᠠ ᠮᠠ ᠷᠦᠢ᠂  ᠰᠢᠯᠢ ᠶᠢᠨ ᠭᠤᠤᠯ ᠠᠶᠢᠮᠠᠭ ᠤᠨ ᠳᠡᠳ᠋ ᠳᠠᠷᠤᠭ᠎ᠠ ᠶᠠᠩ ᠯᠢ ᠬᠤᠷᠠᠯ ᠳᠤ ᠣᠷᠣᠯᠴᠠᠵᠤ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂   ᠮᠠ ᠷᠦᠢ   ᠠᠴᠠ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠠᠨᠢᠯᠴᠠᠭᠤᠯᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ 2022 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠢᠴᠢ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ  ᠢᠶᠠᠨ ᠬᠠᠷᠢᠭᠤ ᠮᠡᠳᠡᠬᠦᠯᠵᠡᠢ᠃ ᡁᠢ ᠰᠢᠶᠠᠨ ᠸᠧᠢ ᠵᠢᠭᠠᠵᠤ ᠭᠠᠷᠭᠠᠬᠤ ᠳᠠᠭᠠᠨ᠂  ᠴᠠᠩ ᠫᠢᠩ ᠲᠣᠭᠤᠷᠢᠭ ᠪᠤᠯᠤᠨ ᠲᠠᠶᠢᠹᠤᠰᠧ ᠬᠤᠰᠢᠭᠤ  ᠨᠢ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠬᠠᠷᠢᠯᠴᠠᠭ᠎ᠠ ᠪᠠᠶᠢᠭᠤᠯᠤᠭᠰᠠᠨ ᠠᠴᠠ ᠨᠠᠰᠢ ᠂ ᠬᠤᠶᠠᠷ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠵᠢᠭᠠᠪᠤᠷᠢ  ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂  ᠠᠵᠤ ᠦᠢᠯᠡᠰ ᠤᠨ ᠬᠥᠭᠵᠢᠯᠲᠡ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠴᠢᠳᠠᠪᠤᠷᠢᠲᠠᠨ ᠤ ᠲᠤᠰᠠᠯᠠᠮᠵᠢ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠵᠡᠷᠭᠡ ᠤᠯᠠᠨ ᠲᠠᠯ᠎ᠠ ᠪᠠᠷ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠭᠡᠳ ᠶᠡᠬᠡᠬᠡᠨ ᠠᠮᠵᠢᠯᠳᠠ ᠤᠯᠤᠭᠰᠠᠨ ᠶᠤᠮ᠃ ᠳᠠᠷᠠᠭᠠᠴᠢ ᠶᠢᠨ ᠠᠵᠢᠯ ᠤᠨ ᠳᠤᠮᠳᠠ ᠪᠠᠨ᠂  ᠴᠠᠩ ᠫᠢᠩ ᠲᠣᠭᠤᠷᠢᠭ ᠤᠨ ᠬᠢᠨ  ᠨᠠᠮ ᠤᠨ ᠲᠥᠪ  ᠬᠤᠷᠢᠶᠠᠨ ᠤ ︽ᠭᠤᠷᠪᠠ ᠶᠢ ᠵᠠᠪᠠᠯ  ᠪᠠᠲᠤᠯᠠᠬᠤ︾᠂ ︽ᠳᠥᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠣᠷᠣᠭᠤᠯᠤᠯᠲᠠ ᠶᠢ ᠪᠠᠭᠠᠰᠬᠠᠬᠤ ᠦᠭᠡᠢ᠂ ᠡᠩᠨᠡᠭᠡ ᠶᠢ  ᠲᠠᠷᠬᠠᠭᠠᠬᠤ ᠦᠭᠡᠢ᠂ ᠠᠵᠢᠯ ᠢ ᠲᠠᠰᠤᠯᠳᠠᠭᠤᠯᠬᠤ ᠦᠬᠡᠢ︾  ᠪᠠᠶᠢᠬᠤ ᠶᠢ ᠪᠠᠳᠤᠯᠠᠨ᠂ ᠪᠡᠯᠡ ᠮᠥᠩᠭᠦ᠂ ᠲᠦᠷᠦᠯ ᠵᠦᠢᠯ ᠪᠣᠯᠣᠨ ᠴᠢᠳᠠᠪᠤᠷᠢᠲᠠᠨ ᠤ ᠲᠡᠮᠵᠢᠯᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠣᠭᠰᠠᠨ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠦᠷ᠎ᠡ ᠠᠮᠵᠢᠯᠳᠠ ᠪᠠᠨ ᠪᠠᠲᠤᠳᠬᠠᠨ ᠦᠷᠭᠡᠳᠭᠡᠬᠦ ᠭᠡᠷᠡᠭᠳᠡᠢ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠲᠠᠭᠠᠨ ᠰᠠᠭᠤᠷᠢᠯᠠᠵᠤ᠂ ᠬᠥᠭᠵᠢᠯᠲᠡ ᠶᠢᠨ ᠰᠡᠳᠬᠢᠴᠡ ᠶᠢᠨ ᠰᠢᠨ᠎ᠡ ᠶᠢ  ᠡᠬᠦᠳᠦᠨ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠥᠷᠭᠡᠳᠬᠡᠵᠦ᠂  ᠴᠡᠪᠡᠷ ᠡᠨᠧᠷᠭᠢ᠂ ᠰᠣᠶᠣᠯ  ᠵᠢᠭᠤᠯᠴᠢᠯᠠᠯ  ᠂ ᠤᠳᠤ ᠦᠶ᠎ᠡ ᠶᠢᠨ ᠬᠥᠳᠡᠭᠡ ᠠᠵᠤ ᠠᠬᠤᠢ ᠶᠢ ᠠᠬᠢᠭᠤᠯᠬᠤ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂  ᠬᠠᠮᠳᠤᠷᠠᠯᠴᠠᠭᠠᠨ ᠤ ᠥᠷᠭᠡᠴᠡ ᠪᠠ ᠭᠦᠨᠴᠡ ᠶᠢ ᠥᠷᠭᠡᠳᠬᠡᠵᠦ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠤᠨ᠂ ᠰᠢᠨ᠎ᠡ ᠬᠥᠭᠵᠢᠯᠲᠡ ᠶᠢᠨ ᠱᠠᠲᠤᠨ ᠳᠠᠬᠢ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ  ᠦᠯᠢᠭᠡᠷ ᠬᠡᠪ  ᠢ ᠬᠠᠮᠲᠤᠪᠠᠷ  ᠪᠠᠶᠢᠭᠤᠯᠬᠤ ᠶᠢ ᠬᠦᠰᠡᠵᠦ ᠪᠠᠶᠢᠨ᠎ᠠ ᠬᠡᠵᠡᠢ᠃ ᠶᠠᠩ ᠯᠢ ᠠᠴᠠ  ᠴᠠᠩ ᠫᠢᠩ ᠲᠣᠭᠤᠷᠢᠭ ᠤᠨ ᠤᠷᠲᠤ ᠬᠤᠭᠤᠴᠠᠭᠠᠨ ᠤ ᠲᠤᠷᠰᠢ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠷᠭᠡᠶᠢᠯᠡᠭᠰᠡᠨ ᠪᠦᠭᠡᠳ᠂ ᠲᠠᠶᠢᠹᠤᠰᠧ ᠬᠤᠰᠢᠭᠤᠨ ᠤ ᠬᠢᠨ ᠴᠠᠩ ᠫᠢᠩ ᠲᠣᠭᠤᠷᠢᠭ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠬᠦᠨᠵᠡᠬᠡᠶᠢᠷᠡᠬᠦᠯᠵᠦ᠂ ᠴᠠᠩ ᠫᠢᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠰᠠᠶᠢᠨ ᠠᠷᠭ᠎ᠠ ᠲᠤᠷᠰᠢᠯᠭ᠎ᠠ ᠶᠢ ᠰᠤᠷᠤᠯᠴᠠᠨ᠂ ᠬᠥᠭᠵᠢᠯᠲᠡ ᠶᠢᠨ  ᠵᠦᠷᠢᠶ᠎ᠡ ᠳᠤᠲᠠᠭᠤᠳᠠᠯ ᠳᠠᠭᠠᠨ ᠠᠩᠬᠠᠷᠤᠯ ᠲᠥᠪᠯᠡᠷᠡᠭᠦᠯᠵᠦ᠂ ᠬᠤᠶᠠᠷ ᠭᠠᠵᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠰᠣᠶᠣᠯ ᠵᠢᠭᠤᠯᠴᠢᠯᠠᠯ ᠵᠡᠷᠭᠡ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭ᠎ᠠ ᠶᠢ ᠬᠦᠨᠵᠡᠬᠡᠶᠢᠷᠡᠬᠦᠯᠦᠨ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭ᠎ᠠ ᠶᠢ ᠨᠡᠩ ᠭᠦᠨ ᠳᠠᠪᠬᠤᠷᠭ᠋ ᠎ᠠ᠂ ᠨᠡᠩ ᠥᠷᠭᠡᠨ ᠬᠦᠷᠢᠶ ᠎ᠡ᠂ ᠨᠡᠩ ᠥᠨᠳᠥᠷ ᠲᠦᠪᠰᠢᠨ ᠂ ᠨᠡᠩ ᠶᠡᠭᠡ ᠠᠮᠵᠢᠯᠳᠠ ᠲᠡᠰᠢ ᠠᠬᠢᠭᠤᠯᠬᠤ ᠬᠡᠷᠡᠭᠲᠡᠢ ᠭᠡᠵᠦ ᠵᠢᠭᠠᠵᠤ  ᠭᠠᠷᠭᠠᠭᠰᠠᠨ ᠪᠠᠶᠢᠨ᠎ᠠ᠃ ᠬᠤᠷᠠᠯ ᠳᠡᠭᠡᠷ᠎ᠡ᠂  ᠴᠠᠩ ᠫᠢᠩ ᠲᠣᠭᠤᠷᠢᠭ ᠠᠴᠠ  ᠲᠠᠶᠢᠹᠤᠰᠧ ᠬᠤᠰᠢᠭᠤᠨ ᠳᠤ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠬᠠᠪᠰᠤᠷᠤᠨ ᠲᠡᠳᠬᠦᠬᠦ ᠠᠵᠢᠯ ᠲᠦᠷᠦᠯ ᠤᠨ ᠪᠡᠯᠡ ᠮᠥᠩᠭᠦ ᠶᠢ ᠬᠠᠨᠳᠢᠪᠯᠡᠪᠠ᠃ ᠬᠤᠷᠠᠯ ᠤᠨ ᠲᠠᠷᠠᠭ᠎ᠠ᠂ ᡁᠢ ᠰᠢᠶᠠᠨ ᠸᠧᠢ ᠵᠡᠷᠭᠡ ᠬᠦᠮᠦᠰ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ ᠤ ︽ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ︾ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠵᠡᠢ᠃ ᠴᠠᠩ ᠫᠢᠩ ᠲᠣᠭᠤᠷᠢᠭ  ᠪᠠ ᠰᠢᠯᠢ ᠶᠢᠨ ᠭᠤᠤᠯ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤᠨ ᠤ ᠤᠳᠤᠷᠢᠳᠤᠯᠭ᠎ᠠ ᠮᠠ ᠷᠦᠢ ᠮᠠᠨ᠂ ᠯᠢ ᠵᠠᠨ ᠪᠦᠦ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号