ᠲᠠᠶᠢᠹᠤᠰᠧ ᠬᠤᠰᠢᠭᠤᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ︵121ᠲᠤᠭᠠᠳᠤ︶
ᠨᠡᠶᠢᠲᠡᠯᠡᠭᠰᠡᠨ ᠴᠠᠭ᠄
2022/12/2
    ᠡᠳᠦᠭᠡ ᠠᠷᠭ᠎ᠠ ᠴᠢᠨᠠᠷ ᠲᠠᠢ ᠡᠪᠡᠳᠴᠢᠳᠡᠨ ᠰᠢᠩ ᠣᠪᠣᠭᠲᠤ   ᠶᠢᠨ 2022 ᠣᠨ ᠤ 12 ᠰᠠᠷ᠎ᠠ ᠶᠢᠨ 1 ᠤ ᠡᠳᠦᠷ ᠮᠠᠨ ᠤ ᠬᠤᠰᠢᠭᠤᠨ ᠳᠤ  ᠶᠠᠪᠤᠵᠤ ᠰᠠᠭᠤᠭᠰᠠᠨ ᠵᠠᠮ ᠮᠥᠷ  ᠤᠨ ᠪᠠᠶᠢᠳᠠᠯ ᠢ ᠮᠡᠳᠡᠭᠳᠡᠰᠦᠬᠡᠢ᠄     ᠰᠢᠩ ᠣᠪᠣᠭᠲᠤ 12 ᠰᠠᠷ᠎ᠠ ᠶᠢᠨ 1 ᠤ ᠡᠳᠦᠷ ᠤᠨ 09᠄ 44 ︱ 09᠄ 50   ᠳᠤ ᠰᠣᠶᠣᠯ ᠤᠨ ᠠᠰᠠᠷ ᠤᠨ ᠥᠲᠥᠨ ᠪᠥᠮᠪᠦᠭᠡ ᠶᠢᠨ ᠣᠷᠳᠣᠨ ᠳᠤ ᠪᠦᠬᠡᠮ ᠬᠦᠴᠢᠯ ᠤᠨ ᠪᠠᠶᠢᠴᠠᠭᠠᠯᠳᠠ ᠬᠢᠯᠬᠡᠵᠦ᠂  10᠄ 27 ᠳᠤ ︽ᠱᠠᠨᠳᠦ᠋ᠩ ᠵᠢᠨᠠᠨ ᠪᠥᠭᠡᠮ ᠢᠶᠠᠷ ᠬᠤᠳᠠᠯᠳᠤᠬᠤ ᠲᠡᠯᠬᠡᠬᠦᠷ ︾ ᠠᠴᠠ ᠭᠠᠷᠴᠤ᠂  10᠄ 51 ᠳᠤ ︽ᠵᠠᠩ ᠯᠢ ᠭᠦᠸᠧ ᠬᠢᠲᠠᠳ ᠡᠸᠦ᠋ᠷᠦᠫᠡ ᠬᠤᠪᠢ ᠶᠢᠨ ᠡᠮᠨᠡᠯᠭᠡ  ︾ ᠠᠴᠠ ᠭᠠᠷᠴᠤ  ᠂ 11᠄ 11 ᠳᠤ ᠪᠦᠦ ᠯᠦᠩ ᠰᠠᠭᠤᠭᠠᠯᠢ ᠲᠣᠭᠤᠷᠢᠭ ᠤᠨ ︽ᠵᠢᠢ ᠯᠢ ᠯᠠᠢ ᠪᠣᠭᠤᠷᠰᠤᠭ ᠤᠨ ᠥᠷᠥᠭᠡ ᠠᠴᠠ ᠭᠠᠷᠴᠤ᠂ 11᠄ 15 ᠳᠤ ᠪᠦᠦ ᠯᠦᠩ ᠰᠠᠭᠤᠭᠠᠯᠢ ᠲᠣᠭᠤᠷᠢᠭ ᠤᠨ ︽ᠪᠢᠩ ᠪᠢᠩ ᠰᠣᠷᠭᠤᠭ ᠵᠢᠮᠢᠰ ᠤᠨ ᠳᠡᠯᠭᠡᠭᠦᠷ︾ ᠠᠴᠠ ᠭᠠᠷᠴᠤ᠂ 15᠄ 11 ᠳᠤ ︽ᠯᠣᠣ ᠠᠨ ᠪᠤᠯᠭᠤᠭᠰᠠᠨ ᠢᠳᠡᠭᠡᠨ ᠤ ᠳᠡᠯᠭᠡᠭᠦᠷ︾ ᠠᠴᠠ ᠭᠠᠷᠴᠤ᠂ 15᠄ 29 ᠳᠤ ︽ᠴᠠᠩ ᠴᠢ ᠬᠤᠩ ᠦᠬᠡᠷ ᠬᠤᠨᠢᠨ ᠮᠢᠬᠠᠨ ᠤ ᠰᠢᠭᠤᠳ ᠪᠣᠷᠤᠯᠠᠭᠤᠯᠭ᠎ᠠ ᠶᠢᠨ ᠳᠡᠯᠭᠡᠭᠦᠷ︾ ᠠᠴᠠ ᠭᠠᠷᠴᠤ᠂ 15: 50  ᠳᠤ ︽ ᠯᠤᠤ ᠯᠢ ᠰᠢᠷᠠᠭᠰᠠᠨ ᠲᠠᠬᠢᠶ᠎ᠠ ᠲᠠᠤᠯᠠᠢ ᠶᠢᠨ ᠲᠡᠯᠬᠡᠬᠦᠷ︾ ᠠᠴᠠ ᠭᠠᠷᠴᠤ ᠶᠠᠪᠤᠭᠰᠠᠨ ᠲᠡᠮᠳᠡᠭᠯᠡᠯ ᠲᠠᠢ ᠪᠠᠶᠢᠭ᠎ᠠ᠃     ᠳᠡᠭᠡᠷᠡᠬᠢ ᠴᠠᠭ ᠬᠤᠭᠤᠴᠠᠭᠠᠨ ᠳᠤ  ᠰᠢᠩ ᠣᠪᠣᠭᠲᠤ ᠲᠠᠢ ᠵᠠᠮ ᠮᠥᠷ ᠳᠠᠪᠬᠤᠴᠠᠭᠰᠠᠨ ᠬᠦᠮᠦᠰ ᠪᠠᠶᠢᠪᠠᠯ ᠳᠠᠷᠤᠶᠢᠬᠠᠨ ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠵᠦ᠂  ᠪᠦᠬᠡᠮ ᠬᠦᠴᠢᠯ ᠤᠨ ᠪᠠᠶᠢᠴᠠᠭᠠᠯᠳᠠ ᠬᠢᠬᠦ ᠶᠢ ᠭᠡᠷ ᠲᠡᠭᠡᠨ ᠰᠠᠭᠤᠵᠤ ᠬᠦᠯᠢᠶᠡᠬᠦ ᠶᠢᠨ ᠬᠠᠮᠲᠤ ᠲᠤᠰᠠᠭᠠᠷᠯᠠᠨ ᠬᠠᠮᠢᠶᠠᠷᠬᠤ ᠠᠷᠭ᠎ᠠ ᠲᠦᠷᠢᠮ ᠢ ᠨᠠᠶᠢᠳᠠᠪᠤᠷᠢᠵᠢᠭᠤᠯᠬᠤ ᠳᠤ ᠢᠳᠡᠪᠬᠢᠳᠡᠢ ᠬᠠᠮᠵᠢᠯᠴᠠᠬᠤ   ᠶᠢ ᠬᠦᠰᠡᠵᠦ ᠪᠠᠶᠢᠨ᠎ᠠ᠃     ᠥᠷᠭᠡᠨ ᠣᠯᠠᠨ ᠰᠠᠭᠤᠭᠠᠯᠢ ᠠᠷᠠᠳ ᠠᠯᠪᠠᠨ ᠤ ᠲᠠᠯ᠎ᠠ   ᠶᠢᠨ ᠡᠷᠬᠡ ᠰᠦᠷᠲᠦ ᠨᠡᠶᠢᠲᠡᠯᠡᠯ   ᠢ ᠠᠩᠬᠠᠷᠴᠤ᠂  ᠰᠡᠷᠭᠡᠶᠢᠯᠡᠯᠳᠡ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠴᠤᠤᠷᠬᠠᠯ   ᠢ ᠢᠲᠡᠭᠡᠬᠦ ᠦᠭᠡᠢ᠂ ᠴᠤᠤᠷᠬᠠᠯ   ᠢ ᠲᠠᠷᠬᠠᠭᠠᠬᠤ ᠦᠭᠡᠢ ᠪᠠᠶᠢᠭᠳᠤᠨ᠃ ᠮᠦᠨᠴᠦ ᠠᠮᠠᠪᠴᠢ ᠵᠡᠭᠦᠬᠦ᠂  ᠭᠠᠷ ᠢᠶᠠᠨ ᠤᠬᠢᠶᠠᠬᠤ᠂  ᠰᠠᠯᠬᠢ ᠨᠡᠪᠳᠡᠷᠡᠬᠦᠯᠬᠦ᠂ ᠴᠤᠭᠯᠠᠷᠠᠬᠤ ᠦᠭᠡᠢ ᠪᠠᠶᠢᠬᠤ ᠶᠢ ᠪᠠᠷᠢᠮᠲᠠᠯᠠᠵᠤ᠂ ᠨᠡᠶᠢᠭᠡᠮ ᠤᠨ ᠬᠠᠷᠢᠯᠴᠠᠭᠠᠨ ᠤ ᠠᠶᠤᠯᠬᠦᠢ ᠵᠠᠢ ᠶᠢ ᠪᠠᠳᠤᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪ ᠦᠭᠡᠢ ᠪᠠᠶᠢᠳᠠᠯ ᠢᠯᠡᠷᠡᠪᠡᠯ᠂ ᠳᠠᠷᠤᠶᠢᠬᠠᠨ ᠡᠮᠨᠡᠯᠭᠡ ᠳᠤ ᠬᠡᠷᠡᠭᠯᠡᠬᠦ ᠠᠮᠠᠪᠴᠢ ᠵᠡᠭᠦᠵᠦ᠂  ᠬᠤᠰᠢᠭᠤ ᠡᠮᠨᠡᠯᠭᠡ ᠶᠢᠨ ᠬᠤᠷᠢᠶᠠᠨ ᠳᠤ ᠬᠦᠷᠴᠦ  ᠪᠠᠶᠢᠴᠠᠭᠠᠯᠭᠠᠨ ᠡᠮᠨᠡᠬᠦᠯᠬᠦ ᠭᠡᠷᠡᠭᠳᠡᠢ᠂  ᠬᠡᠬᠦ ᠳᠡᠭᠡᠨ ᠨᠡᠶᠢᠲᠡ ᠶᠢᠨ ᠮᠠᠰᠢᠨ ᠳᠤ ᠰᠠᠭᠤᠬᠤ  ᠶᠢ ᠴᠡᠭᠡᠷᠯᠡᠨ᠎ᠡ᠃      ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 0479 ︱ 5238137                                          ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                            2022 ᠣᠨ ᠤ 12 ᠰᠠᠷ᠎ᠠ ᠶᠢᠨ 2 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号