ᠡᠮ ᠤᠨ ᠨᠥᠭᠡᠴᠡ ᠭᠦᠢᠴᠡᠳ ᠪᠠᠶᠢᠭ᠎ᠠ᠂ ᠬᠤᠳᠠᠯᠳᠤᠨ ᠠᠪᠬᠤ ᠳᠠᠭᠠᠨ ᠤᠬᠠᠭᠠᠯᠢᠭ ᠪᠠᠶᠢᠭᠠᠷᠠᠢ
ᠨᠡᠶᠢᠲᠡᠯᠡᠭᠰᠡᠨ ᠴᠠᠭ᠄
2022/12/20
    ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ  ᠶᠢᠨ ᠦᠷᠭᠦᠯᠵᠢᠯᠡᠨ ᠰᠢᠯᠢᠳᠡᠭᠵᠢᠬᠦ ᠶᠢ ᠲᠠᠭᠠᠯᠳᠤᠭᠠᠳ᠂  ᠠᠷᠠᠳ ᠢᠷᠭᠡᠳ ᠤᠨ ᠡᠮ ᠲᠠᠩ ᠬᠤᠳᠠᠯᠳᠤᠨ ᠠᠪᠬᠤ ᠬᠡᠷᠡᠭᠴᠡᠭᠡ ᠵᠣᠬᠢᠬᠤ ᠬᠡᠮᠵᠢᠶ᠎ᠡ ᠪᠠᠷ ᠨᠡᠮᠡᠭᠳᠡᠵᠡᠢ᠃  ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ᠣᠳᠣᠬᠠᠨ ᠳᠤ ᠪᠥᠬᠦ ᠬᠤᠰᠢᠭᠤᠨ ᠤ ᠡᠯ᠎ᠡ ᠡᠮ ᠤᠨ ᠳᠡᠯᠭᠡᠭᠦᠷ ᠤᠨ ᠡᠮ ᠤᠨ ᠵᠦᠢᠯ ᠤᠨ ᠨᠥᠭᠡᠴᠡ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠵᠤ᠂  ᠡᠮ ᠤᠨ ᠳᠡᠯᠭᠡᠭᠦᠷ ᠤᠳ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠡᠵᠡᠩᠨᠡᠯᠲᠡ ᠶᠢᠨ ᠠᠵᠢᠯᠯᠠᠭ᠎ᠠ ᠪᠠᠨ ᠤᠬᠠᠮᠰᠠᠷ   ᠠᠴᠠ ᠪᠠᠨ ᠲᠦᠷᠢᠮᠵᠢᠬᠦᠯᠵᠦ᠂ ᠣᠯᠠᠨ ᠲᠦᠮᠡᠨ ᠤ ᠡᠳᠦᠷ ᠲᠤᠲᠤᠮ ᠤᠨ ᠡᠮ ᠤᠨ ᠬᠡᠷᠡᠭᠴᠡᠭᠡ ᠶᠢ  ᠪᠠᠳᠤᠯᠠᠵᠤ ᠪᠠᠶᠢᠨ᠎ᠠ᠃      ᠰᠠᠭᠤᠭᠠᠯᠢ ᠠᠷᠠᠳ ᠵᠤᠤ ᠶᠢᠨ ᡁᠢ᠄ ︽ ᠡᠮ ᠤᠨ ᠳᠡᠯᠭᠡᠭᠦᠷ ᠤᠨ ᠡᠮ ᠲᠠᠩ ᠤᠨ ᠲᠦᠷᠦᠯ ᠵᠦᠢᠯ ᠮᠠᠰᠢ ᠪᠦᠷᠢᠨ ᠪᠠᠶᠢᠭ᠎ᠠ᠂  ᠪᠠᠶᠢᠩᠭᠤ ᠭᠡᠷᠡᠭᠯᠡᠬᠦ ᠡᠮ ᠢ ᠪᠦᠷ ᠬᠤᠳᠠᠯᠳᠤᠨ ᠠᠪᠴᠤ ᠳᠡᠶᠢᠯᠦᠨ᠎ᠡ᠂   ᠪᠠᠰᠠ ᠠᠮᠠᠪᠴᠢ᠂ ᠰᠫᠢᠷᠲ᠂ ᠠᠷᠢᠭᠤᠳᠬᠠᠬᠤ ᠰᠢᠩᠭᠡᠨ ᠵᠡᠷᠭᠡ ᠬᠢᠵᠢᠭ ᠰᠡᠷᠭᠡᠶᠢᠯᠡᠬᠦ ᠪᠣᠳᠠᠰ ᠴᠤ ᠭᠦᠢᠴᠡᠳ ᠪᠠᠶᠢᠨ᠎ᠠ᠂  ᠲᠡᠷᠡ ᠮᠦᠷᠳᠡᠭᠡᠨ ᠤᠷᠢᠳᠤ ᠶᠢᠨ ᠬᠢ ᠰᠢᠭ ᠲᠠᠭᠰᠢᠭᠤᠷ ᠤᠨ ᠡᠮ ᠬᠤᠳᠠᠯᠳᠤᠨ ᠠᠪᠬᠤ ᠳᠤ ᠦᠨᠡᠨ ᠨᠡᠷ᠎ᠡ ᠪᠠᠷ ᠢᠶᠠᠨ ᠪᠦᠷᠢᠳᠬᠡᠭᠦᠯᠬᠦ ᠬᠡᠷᠡᠭ ᠦᠭᠡᠢ ᠪᠤᠯᠤᠭᠰᠠᠨ︾᠃      ᠹᠦ᠋ ᠷᠦᠢ ᠡᠮ ᠤᠨ ᠳᠡᠯᠭᠡᠭᠦᠷ ᠤᠨ ᠳᠡᠳ᠋ ᠶᠡᠷᠦᠩᠬᠡᠢ ᠳᠠᠭᠠᠭᠠᠮᠠᠯ ᠯᠢ ᡁᠢ ᠵᠢᠶᠠᠩ᠄  ︽ ᠮᠠᠨᠠᠶᠢᠬᠢᠨ ᠲᠤᠰᠬᠠᠢ ᠮᠡᠷᠭᠡᠵᠢᠯ ᠤᠨ ᠬᠤᠳᠠᠯᠳᠤᠨ ᠤᠷᠤᠭᠤᠯᠬᠤ ᠪᠦᠯᠬᠦᠮ ᠪᠠ  ᠲᠣᠬᠢᠷᠠᠭᠤᠯᠤᠨ ᠬᠦᠷᠭᠡᠬᠦ ᠠᠵᠢᠯᠳᠠᠨ ᠲᠠᠢ᠂  ᠤᠳᠤᠬᠠᠨ ᠬᠥᠮᠥᠷᠭᠡ ᠳᠠᠬᠢ ᠪᠠᠷᠠᠭᠠᠨ ᠤ ᠨᠥᠭᠡᠴᠡ ᠭᠦᠢᠴᠡᠳ ᠪᠠᠶᠢᠵᠤ᠂  ᠡᠮ ᠤᠨ ᠦᠨ᠎ᠡ ᠴᠤ ᠲᠣᠭᠲᠠᠭᠤᠨ  ᠪᠠᠶᠢᠭ᠎ᠠ᠂  ᠠᠷᠠᠳ  ᠢᠷᠭᠡᠳ ᠰᠠᠨᠠᠭ᠎ᠠ ᠠᠮᠤᠷ  ᠪᠠᠶᠢᠭᠳᠤᠨ᠃  ᠡᠨᠡ ᠬᠡᠳᠦᠨ ᠡᠳᠦᠷ ᠲᠤ  ᠬᠦᠮᠦᠰ ᠡᠮ ᠲᠠᠩ ᠬᠤᠳᠠᠯᠳᠤᠨ ᠠᠪᠬᠤ ᠳᠠᠭᠠᠨ ᠴᠤ ᠮᠠᠰᠢ ᠡᠮᠬᠢ ᠵᠢᠷᠤᠮ ᠲᠠᠢ᠂  ᠤᠬᠠᠭᠠᠯᠢᠭ ᠪᠠᠶᠢᠨ᠎ᠠ  ᠃  ᠶᠡᠭᠡ ᠬᠡᠮᠵᠢᠶ᠎ᠡ ᠪᠠᠷ  ᠬᠤᠳᠠᠯᠳᠤᠨ ᠠᠪᠴᠤ  ᠨᠦᠬᠡᠴᠡᠯᠡᠨ ᠬᠠᠳᠠᠭᠠᠯᠠᠬᠤ  ᠪᠠᠶᠢᠳᠠᠯ ᠬᠠᠷᠠᠭᠳᠠᠭ᠎ᠠ ᠦᠭᠡᠢ  ︾᠃      ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠠᠵᠢᠯᠳᠠᠨ ᠸᠠᠩ ᠾᠧ᠄  ︽ᠣᠲᠣ ᠪᠣᠯᠲᠠᠯ᠎ᠠ᠂ ᠪᠥᠬᠦ ᠬᠤᠰᠢᠭᠤᠨ ᠤ 64 ᠡᠮ ᠤᠨ ᠳᠡᠯᠭᠡᠭᠦᠷ ᠬᠡᠪ ᠤᠨ ᠪᠠᠶᠢᠳᠠᠯ ᠢᠶᠠᠷ ᠠᠵᠢᠯᠯᠠᠵᠤ᠂ ︽ᠳᠥᠷᠪᠡᠨ ᠲᠥᠷᠥᠯ︾ ᠤᠨ ᠡᠮ ᠤᠨ ᠬᠠᠳᠠᠭᠠᠯᠠᠮᠵᠢ 48 ᠲᠦᠮᠡ ᠭᠠᠷᠤᠢ ᠬᠠᠶᠢᠷᠴᠠᠭ ᠪᠠᠶᠢᠵᠤ᠂  ᠡᠮ ᠤᠨ ᠵᠦᠢᠯ ᠤᠨ ᠬᠠᠩᠭᠠᠯᠭ᠎ᠠ ᠭᠦᠢᠴᠡᠳ ᠪᠠᠶᠢᠨ᠎ᠠ᠃   ᠠᠳᠡ ᠪᠢᠳᠡ ᠥᠷᠭᠡᠨ ᠣᠯᠠᠨ ᠬᠡᠷᠡᠭᠯᠡᠭᠴᠢᠳ ᠲᠤ ᠰᠠᠨᠠᠭᠤᠯᠬᠤ ᠨᠢ ᠂ ︽ᠳᠥᠷᠪᠡᠨ ᠲᠥᠷᠥᠯ︾ ᠤᠨ ᠡᠮ ᠢ ᠰᠣᠬᠤᠷ ᠪᠠᠯᠠᠢ ᠪᠠᠷ ᠪᠤᠯᠢᠶᠠᠯᠳᠤᠨ ᠠᠪᠴᠤ᠂ ᠨᠥᠭᠡᠴᠡᠯᠡᠨ ᠬᠠᠳᠠᠭᠠᠯᠠᠬᠤ ᠭᠡᠷᠡᠭ ᠦᠭᠡᠢ᠂ ᠬᠤᠪᠢ ᠬᠥᠮᠥᠨ ᠤ ᠪᠤᠳᠠᠳᠠᠢ ᠬᠡᠷᠡᠭᠴᠡᠭᠡ ᠪᠠᠨ ᠦᠨᠳᠦᠰᠦᠯᠡᠵᠦ᠂   ᠤᠬᠠᠭᠠᠯᠢᠭ ᠢᠶᠠᠷ ᠬᠤᠳᠠᠯᠳᠤᠨ ᠠᠪᠬᠤ ᠬᠡᠷᠡᠭᠲᠡᠢ᠃ ᠪᠢᠳᠡ ᠪᠠᠰᠠ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂  ᠡᠮ ᠤᠨ ᠵᠦᠢᠯ ᠢ ᠴᠠᠭ ᠲᠤᠬᠠᠢ  ᠳᠤᠨᠢ ᠨᠦᠬᠦᠪᠦᠷᠢᠯᠡᠨ᠂ ᠤᠯᠠᠨ ᠲᠦᠮᠡᠨ ᠤ ᠡᠳᠦᠷ ᠲᠤᠳᠤᠮ ᠤᠨ ᠡᠮ ᠤᠨ ᠬᠡᠷᠡᠭᠴᠡᠭᠡ ᠶᠢ  ᠪᠠᠳᠤᠯᠠᠬᠤ ᠪᠤᠯᠤᠨ᠎ᠠ᠃ ᠡᠭᠦᠨ ᠤ ᠬᠠᠮᠳᠤ᠂  ᠡᠮ ᠤᠨ ᠵᠦᠢᠯ ᠤᠨ ᠦᠨ᠎ᠡ ᠬᠠᠩᠰᠢ ᠶᠢ ᠦᠷᠭᠦᠯᠵᠢᠯᠡᠨ ᠠᠩᠬᠠᠷᠴᠤ᠂  ᠬᠢᠵᠢᠭ ᠰᠡᠷᠭᠡᠶᠢᠯᠡᠬᠦ ᠡᠮ ᠤᠨ ᠵᠦᠢᠯ᠂ ᠬᠢᠵᠢᠭ ᠰᠡᠷᠭᠡᠶᠢᠯᠡᠬᠦ ᠡᠳ᠋ ᠪᠣᠳᠠᠰ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠᠨ ᠴᠢᠩᠭᠠᠳᠬᠠᠨ᠂  ᠦᠨ᠎ᠡ  ᠬᠠᠩᠰᠢ ᠶᠢ ᠳᠦᠷᠭᠢᠯᠳᠦᠨ ᠥᠰᠬᠡᠬᠦ ᠵᠡᠷᠭᠡ ᠬᠠᠤᠯᠢ ᠲᠦᠷᠢᠮ  ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︾᠃     ᠣᠳᠣᠬᠠᠨ ᠬᠢᠵᠢᠭ ᠤᠨ ᠪᠠᠶᠢᠳᠠᠯ ᠬᠠᠷᠠᠬᠠᠨ ᠳᠠᠭᠤᠰᠤᠭᠠᠳᠤᠢ ᠪᠠᠶᠢᠭ᠎ᠠ᠃ ᠥᠷᠭᠡᠨ ᠣᠯᠠᠨ ᠠᠷᠠᠳ ᠢᠷᠭᠡᠳ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠭᠦᠢᠴᠡᠳᠬᠡᠵᠦ᠂ ᠥᠪᠡᠷ ᠤᠨ ᠡᠷᠡᠭᠦᠯ ᠮᠡᠨᠳᠦ  ᠳᠡᠭᠡᠨ ᠬᠠᠷᠢᠭᠤᠴᠠᠬᠤ   ᠬᠡᠷᠡᠭᠲᠡᠢ᠃  ᠢᠳᠡᠵᠦ ᠤᠤᠭᠤᠬᠤ ᠪᠠᠨ ᠲᠡᠩᠴᠡᠭᠦᠷᠢᠲᠡᠢ ᠪᠠᠶᠢᠯᠭᠠᠨ᠂ ᠪᠡᠶ᠎ᠡ  ᠮᠠᠬᠠᠪᠤᠳ ᠢᠶᠠᠨ ᠵᠣᠬᠢᠰᠲᠠᠢ ᠪᠣᠯᠪᠠᠰᠤᠷᠠᠭᠤᠯᠵᠤ᠂ ᠰᠢᠨᠵᠢᠯᠡᠬᠦ ᠤᠬᠠᠭᠠᠨᠴᠢ ᠰᠡᠷᠭᠡᠶᠢᠯᠡᠯᠳᠡ ᠶᠢᠨ ᠤᠬᠠᠮᠰᠠᠷ ᠢᠶᠠᠨ ᠴᠢᠩᠭᠠᠳᠬᠠᠨ᠂ ᠬᠢᠵᠢᠭ  ᠰᠡᠷᠭᠡᠶᠢᠯᠡᠬᠦ ᠦᠨᠳᠦᠰᠦᠨ ᠪᠠᠷᠢᠮᠵᠢᠶ᠎ᠠ ᠶᠢ ᠵᠢᠷᠤᠮᠯᠠᠵᠤ᠂  ᠪᠠᠶᠢᠩᠭᠤ ᠠᠮᠠᠪᠴᠢ ᠵᠡᠬᠦᠨ᠂ ᠭᠠᠷ ᠢᠶᠠᠨ ᠰᠠᠶᠢᠲᠤᠷ ᠤᠬᠢᠶᠠᠵᠤ᠂ ᠦᠷᠭᠦᠯᠵᠢ ᠰᠠᠯᠬᠢ ᠨᠡᠪᠳᠡᠷᠡᠬᠦᠯᠦᠨ᠂  ᠪᠦᠬᠡᠮᠨᠡᠷᠡᠵᠦ ᠴᠤᠭᠯᠠᠷᠠᠬᠤ ᠶᠢ ᠴᠡᠭᠡᠷᠯᠡᠵᠦ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠤᠯᠵᠠᠭᠠᠨ᠂  ᠥᠪᠡᠷ ᠤᠨ ᠪᠡᠶ᠎ᠡ ᠪᠣᠯᠣᠨ ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠠᠮᠤᠷ ᠲᠦᠪᠰᠢᠨ ᠢ ᠰᠠᠬᠢᠨ  ᠬᠠᠮᠠᠭᠠᠯᠠᠬᠤ ᠭᠡᠷᠡᠭᠳᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号