ᠴᠠᠬᠢᠯᠭᠠᠨ ᠬᠠᠩᠭᠠᠯᠭ᠎ᠠ ᠶᠢ ᠵᠠᠪᠠᠯ ᠪᠠᠳᠤᠯᠠᠵᠤ ᠤᠯᠠᠨ ᠲᠦᠮᠡᠨ ᠳᠤ ᠪᠣᠳᠠᠲᠠᠢ ᠶᠠᠪᠤᠳᠠᠯ ᠬᠢᠨᠡᠮ
ᠨᠡᠶᠢᠲᠡᠯᠡᠭᠰᠡᠨ ᠴᠠᠭ᠄
2022/12/20
 ᠬᠦᠢᠲᠡᠨ ᠤᠷᠤᠰᠬᠠᠯ ᠤᠨ ᠴᠠᠭ ᠠᠭᠤᠷ ᠤᠨ ᠨᠥᠯᠥᠭᠡ ᠠᠴᠠ ᠪᠣᠯᠵᠤ᠂ 12 ᠰᠠᠷ᠎ᠠ ᠶᠢᠨ 11 ᠤ ᠰᠥᠨᠢ ᠠᠴᠠ ᠡᠬᠢᠯᠡᠨ ᠲᠠᠶᠢᠹᠤᠰᠧ ᠬᠤᠰᠢᠭᠤᠨ ᠤ ᠳᠤᠯᠠᠭᠠᠨ ᠤ ᠬᠡᠮᠵᠢᠶ᠎ᠡ ᠮᠡᠳᠡᠭᠳᠡᠮ᠎ᠡ ᠪᠠᠭᠤᠷᠠᠵᠤ᠂ ᠶᠡᠭᠡ ᠰᠠᠯᠬᠢ ᠰᠠᠯᠬᠢᠯᠠᠨ᠂ ᠬᠡᠰᠡᠭ ᠭᠠᠵᠠᠷ ᠣᠷᠣᠨ ᠳᠤ ᠴᠠᠰᠤ ᠤᠷᠤᠵᠤ ᠰᠢᠭᠤᠷᠭ᠎ᠠ ᠲᠡᠭᠳᠡᠭᠡᠳ᠂ ᠴᠠᠬᠢᠯᠭᠠᠨ ᠬᠠᠩᠭᠠᠯᠭ᠎ᠠ ᠶᠢᠨ ᠬᠡᠪ ᠤᠨ ᠠᠵᠢᠯᠯᠠᠭᠠᠨ ᠳᠤ ᠪᠠᠭ᠎ᠠ ᠪᠤᠰᠤ ᠨᠦᠯᠦᠭᠡ ᠤᠴᠠᠷᠠᠭᠤᠯᠤᠭᠰᠠᠨ ᠪᠠᠶᠢᠯ᠎ᠠ᠃  ᠡᠨᠡᠬᠦ ᠪᠠᠶᠢᠳᠠᠯ ᠳᠤ ᠴᠢᠭᠯᠡᠬᠦᠯᠦᠨ᠂ ᠲᠠᠶᠢᠹᠤᠰᠧ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠬᠦᠢᠲᠡᠨ ᠤᠷᠤᠰᠬᠠᠯ ᠢ ᠤᠷᠢᠳᠴᠢᠯᠠᠨ ᠰᠡᠷᠭᠡᠶᠢᠯᠡᠬᠦ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠲᠠᠷᠤᠶᠢᠬᠠᠨ ᠨᠡᠶᠢᠳᠡᠯᠡᠵᠦ᠂ ᠪᠠᠴᠢᠮ ᠪᠠᠶᠢᠳᠠᠯ ᠢ ᠠᠷᠭᠠᠴᠠᠬᠤ  ᠠᠷᠭ᠎ᠠ ᠲᠦᠰᠦᠪ ᠢ  ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ ᠪᠥᠬᠦ ᠲᠠᠯ᠎ᠠ ᠪᠠᠷ ᠠᠷᠭᠠᠴᠠᠬᠤ ᠠᠵᠢᠯ ᠢ ᠢᠳᠡᠪᠬᠢᠲᠡᠢ ᠰᠠᠶᠢᠨ ᠬᠢᠵᠡᠢ᠃  ᠺᠤᠮᠫᠠᠨᠢ ᠶᠢᠨ ᠬᠢᠨ ᠣᠨᠴᠠᠭᠠᠶ ᠲᠣᠭᠤᠷᠢᠨ ᠪᠠᠶᠢᠴᠠᠭᠠᠬᠤ  ᠠᠩᠬᠢ ᠶᠢ ᠵᠣᠬᠢᠶᠠᠨ ᠪᠠᠶᠢᠭᠤᠯᠵᠤ᠂ ᠠᠮᠠᠷᠬᠠᠨ ᠰᠠᠭᠠᠳ ᠭᠠᠷᠬᠤ  ᠴᠠᠬᠢᠯᠭᠠᠨ ᠱᠤᠭᠤᠮ ᠪᠠ ᠭᠤᠣᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠪᠠᠶᠢᠴᠠᠭᠠᠵᠦ᠂ ᠳᠠᠯᠳᠠ ᠬᠡᠮ ᠢ ᠣᠯᠵᠤ ᠮᠡᠳᠡᠪᠡᠯ ᠴᠠᠭ ᠲᠤᠬᠠᠢ ᠳᠤᠨᠢ  ᠰᠢᠢᠳᠪᠦᠷᠢᠯᠡᠬᠦ ᠶᠢᠨ ᠬᠠᠮᠳᠤ᠂  ᠤᠯᠠᠭᠠᠨ ᠤ ᠭᠠᠳᠠᠨᠠᠬᠢ ᠳᠤᠯᠠᠭᠠᠨ ᠤ ᠬᠡᠮᠵᠢᠬᠦᠷ ᠢ ᠬᠡᠷᠡᠭᠯᠡᠨ ᠭᠤᠣᠯᠳᠠᠯᠭ᠎ᠠ ᠲᠠᠢ ᠴᠠᠬᠢᠯᠭᠠᠨ ᠲᠥᠬᠦᠭᠡᠷᠦᠮᠵᠢ ᠶᠢ  ᠪᠠᠶᠢᠴᠠᠭᠠᠨ  ᠂ ᠰᠠᠭᠠᠳ ᠭᠠᠷᠬᠤ ᠶᠢ ᠤᠷᠢᠳᠴᠢᠯᠠᠨ ᠰᠡᠷᠭᠡᠶᠢᠯᠡᠵᠦ  ᠂ ᠵᠠᠪᠳᠤᠨ ᠵᠠᠰᠠᠬᠤ ᠠᠵᠢᠯ ᠢ  ᠴᠠᠭ ᠲᠤᠬᠠᠢ ᠳᠤᠨᠢ ᠰᠠᠶᠢᠲᠤᠷ ᠬᠢᠵᠦ᠂ ᠴᠢᠬᠤᠯᠠ ᠣᠷᠣᠨ ᠪᠦᠰᠡ ᠪᠣᠯᠣᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠴᠠᠬᠢᠯᠭᠠᠨ ᠬᠠᠩᠭᠠᠯᠭ᠎ᠠ ᠶᠢ ᠪᠥᠬᠦ ᠬᠦᠴᠦᠨ ᠢᠶᠠᠷ ᠪᠠᠳᠤᠯᠠᠵᠤ ᠪᠤᠢ  ᠃ ᠣᠳᠣᠬᠠᠨ ᠪᠣᠯᠲᠠᠯ᠎ᠠ᠂ ᠲᠤᠰ ᠺᠣᠮᠫᠠᠨᠢ ᠶᠢᠨ ᠬᠢᠨ 77 ᠵᠤᠷᠪᠤᠰ ᠴᠠᠬᠢᠯᠭᠠᠨ ᠱᠤᠭᠤᠮ ᠵᠢᠴᠢ 13 ᠰᠠᠭᠤᠷᠢ ᠴᠠᠬᠢᠯᠭᠠᠨ ᠬᠤᠪᠢᠰᠬᠠᠬᠤ ᠦᠷᠲᠡᠭᠡ᠂ ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠲᠣᠭᠤᠷᠢᠨ ᠪᠠᠶᠢᠴᠠᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠬᠦᠯᠦᠭᠡᠳ᠂ ᠪᠦᠬᠦ ᠬᠤᠰᠢᠭᠤᠨ ᠤ ᠴᠠᠬᠢᠯᠭᠠᠨ ᠲᠣᠣᠷ ᠤᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠬᠦᠢᠲᠡᠨ ᠠᠭᠤᠷ  ᠠᠮᠢᠰᠬᠤᠯ ᠳᠤ ᠨᠦᠯᠦᠭᠡᠯᠡᠭᠳᠡᠭᠰᠡᠨ ᠦᠭᠡᠢ ᠪᠠᠶᠢᠭ᠎ᠠ᠃  ᠬᠤᠶᠢᠰᠢᠳᠠ  ᠲᠠᠶᠢᠹᠤᠰᠧ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ︽ᠤᠳᠠᠭᠠᠨ ᠳᠠᠭᠠᠭᠠᠮᠠᠭᠠᠢ ᠳᠠᠶᠢᠨ︾   ᠤ ᠪᠡᠯᠡᠳᠬᠡᠯ ᠢ  ᠰᠠᠶᠢᠨ ᠬᠢᠵᠦ᠂ ᠡᠯ᠎ᠡ ᠵᠦᠢᠯ ᠤᠨ ᠪᠠᠳᠤᠯᠠᠭᠠᠨ ᠤ ᠠᠷᠭ᠎ᠠ ᠪᠠᠷᠢᠯ ᠢ ᠦᠷᠭᠦᠯᠵᠢᠯᠡᠨ ᠬᠡᠷᠡᠭᠵᠢᠭᠦᠯᠵᠦ᠂  ᠴᠠᠬᠢᠯᠭᠠᠨ ᠬᠦᠴᠦᠨ ᠤ ᠠᠮᠤᠷ ᠲᠦᠪᠰᠢᠨ  ᠢ ᠪᠥᠬᠦ ᠲᠠᠯ᠎ᠠ ᠪᠠᠷ ᠪᠠᠳᠤᠯᠠᠨ᠂ ᠲᠦᠭ ᠲᠦᠮᠡᠨ ᠠᠶᠢᠯ ᠡᠷᠦᠬᠡ ᠶᠢᠨ ᠬᠠᠯᠠᠭᠤᠨ ᠳᠤᠯᠠᠭᠠᠨ ᠡᠪᠦᠯᠵᠢᠬᠦ ᠶᠢ ᠪᠥᠬᠦ ᠬᠦᠴᠦᠨ ᠢᠶᠠᠷ ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号