ᠠᠷᠪᠠᠨ ᠲᠠᠪᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ  ︵ᠨᠢᠭᠡ︶
ᠨᠡᠶᠢᠲᠡᠯᠡᠭᠰᠡᠨ ᠴᠠᠭ᠄
2022/12/27
    ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠨᠠᠰᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠭᠡ ᠰᠢᠯᠭᠠᠯᠲᠠ᠂ ᠠᠵᠤ ᠠᠬᠤᠶ ᠶᠢᠨ ᠪᠠᠭᠤᠷᠠᠯᠲᠠ ᠶᠢᠨ ᠶᠡᠭᠡ ᠥᠷᠢᠰᠥᠯᠳᠦᠭᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠳᠠᠭᠤ ᠲᠠᠪᠠᠭᠠᠨ ᠤ ᠡᠮᠦᠨ᠎ᠡ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠠᠮ ᠨᠡᠭᠡᠭᠡᠨ ᠡᠷᠡᠮᠡᠬᠡᠶᠢᠯᠡᠨ ᠤᠷᠤᠭᠰᠢᠯᠠᠵᠤ᠂ ᠡᠯ᠎ᠡ ᠲᠦᠷᠦᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠦᠬᠡᠳ᠂ ᠵᠢᠱᠢᠯᠲᠠ ᠪᠠᠷ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠳᠤᠮᠳᠠᠴᠢ  ᠶᠢᠨ 5.9 % ᠪᠠᠷ ᠨᠡᠮᠡᠭᠳᠡᠨ᠂ ᠡᠩ ᠤᠨ ᠨᠡᠶᠢᠲᠡ ᠶᠢᠨ ᠲᠥᠰᠦᠪ ᠤᠨ ᠣᠷᠣᠯᠭ᠎ᠠ 10% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 10.3% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠶ ᠬᠡᠮᠵᠢᠶ᠎ᠡ 2.1% ᠪᠠᠷ ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠲᠤᠰᠪᠤᠷᠢ 2.3% ᠪᠠ 9.3% ᠪᠠᠷ ᠨᠡᠮᠡᠭᠳᠡᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠲᠦᠷᠦᠯ ᠤᠨ ᠬᠦᠢᠴᠡᠳᠬᠡᠯ ᠲᠤᠭ᠎ᠠ ᠶᠢ ᠬᠢᠵᠠᠭᠠᠷᠯᠠᠬᠤ ᠬᠡᠪᠴᠢᠶᠡᠨ ᠳᠤ ᠴᠢᠩᠭ᠎ᠠ ᠬᠢᠵᠠᠭᠠᠷᠯᠠᠵᠤ᠂ ᠲᠠᠶᠢᠹᠤᠰᠧ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠬᠦᠳᠦᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号