ᠬᠤᠶᠢᠰᠢᠳᠠ ᠶᠢᠨ ᠲᠠᠪᠤᠨ ᠵᠢᠯ ᠤᠨ ᠭᠤᠤᠯᠳᠠᠯᠭ᠎ᠠ ᠲᠠᠢ ᠠᠵᠢᠯ ᠡᠬᠦᠷᠭᠡ ( ᠨᠢᠭᠡ )
ᠨᠡᠶᠢᠲᠡᠯᠡᠭᠰᠡᠨ ᠴᠠᠭ᠄
2022/12/27
   ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠲᠣᠪᠣᠶᠢᠮ᠎ᠠ ᠰᠠᠶᠢᠨ ᠠᠳᠬᠤᠵᠤ᠂ ᠠᠵᠤ ᠠᠬᠤᠶ ᠶᠢᠨ ᠲᠦᠷᠭᠡᠨ ᠨᠡᠮᠡᠭᠳᠡᠯ ᠢ ᠪᠡᠶᠡᠯᠡᠭᠦᠯᠦᠨ᠎ᠡ᠃ ᠨᠢᠬᠡ ᠳᠤ᠂ ᠲᠦᠷᠦᠯ ᠵᠦᠢᠯ ᠢ ᠲᠥᠯᠥᠪᠯᠡᠬᠦ ᠲᠡᠭᠡᠷ᠎ᠡ ᠶᠡᠬᠡᠬᠡᠨ ᠬᠦᠴᠦ ᠤᠷᠤᠭᠤᠯᠬᠤ ᠭᠡᠷᠡᠭᠳᠡᠢ᠃ ᠲᠠᠶᠢᠹᠤᠰᠧ ᠬᠤᠰᠢᠭᠤᠨ ᠤ ᠬᠠᠷᠢᠴᠠᠩᠭᠤᠢ ᠳᠠᠪᠠᠭᠤᠯᠢᠭ ᠲᠠᠭᠠᠨ ᠰᠠᠭᠤᠷᠢᠯᠠᠵᠤ᠂ ᠤᠯᠤᠰ  ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ ᠲᠡᠭᠡᠳᠦ ᠱᠠᠲᠤᠨ ᠤ ᠴᠢᠬᠤᠯᠠ ᠶᠡᠭᠡ ᠲᠦᠯᠦᠪᠵᠢᠬᠦᠯᠬᠡ ᠪᠠᠶᠢᠷᠢᠯᠠᠭᠤᠯᠤᠯᠲᠠ ᠶᠢ ᠤᠨᠢᠯᠠᠵᠤ ᠪᠠᠶᠢᠭᠠᠳ᠂ 《 ᠣᠷᠣ ᠦᠭᠡᠢ ᠭᠠᠵᠠᠷ ᠣᠪᠣᠭ᠎ᠠ ᠪᠣᠰᠬᠠᠬᠤ 》 ᠳᠤᠮᠳᠠ ᠲᠥᠷᠥᠯ ᠵᠦᠢᠯ ᠢ ᠵᠤᠷᠢᠭᠳᠠᠢ ᠲᠦᠰᠦᠪᠯᠡᠨ᠂ 《 ᠶᠠᠯᠢᠮ ᠦᠬᠡᠢ ᠶᠠᠭᠤᠮ᠎ᠠ ᠶᠢ ᠶᠡᠭᠡ ᠪᠤᠯᠭᠠᠬᠤ 》 ᠳᠤᠮᠳᠠ ᠠᠵᠤ ᠦᠢᠯᠡᠰ ᠢ ᠴᠢᠳᠠᠮᠠᠭᠠᠢ ᠪᠠᠷ ᠬᠦᠭᠵᠢᠬᠦᠯᠦᠨ᠎ᠡ᠃ ᠲᠠᠭᠠᠭᠤᠯᠤᠭᠴᠢ ᠠᠵᠤ ᠠᠬᠤᠶᠢᠯᠠᠯ  ᠤᠨ 《 ᠬᠡᠯᠬᠢᠶᠡᠰᠦᠨ ᠲᠤᠯᠤᠭᠠᠢ 》 ᠶᠢᠨ ᠦᠶᠯᠡᠳᠦᠯ ᠢ ᠲᠤᠪᠤᠶᠢᠯᠭᠠᠵᠤ᠂ ᠠᠵᠤ ᠦᠢᠯᠡᠰ ᠤᠨ ᠬᠡᠯᠬᠢᠶᠡᠰᠦ ᠶᠢᠨ ᠲᠡᠭᠡᠳᠦ ᠳᠣᠣᠷᠠᠳᠤ ᠬᠡᠯᠬᠢᠶᠡᠨ ᠤ ᠠᠵᠤ ᠠᠬᠤᠶᠢᠯᠠᠯ᠂ ᠬᠠᠮᠵᠢᠯᠴᠠᠨ ᠢᠵᠢ ᠪᠦᠷᠢᠳᠦᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠠᠵᠤ ᠦᠢᠯᠡᠰ ᠤᠨ ᠬᠡᠯᠬᠢᠶᠡᠰᠦ ᠶᠢᠨ ᠤᠶᠠᠨ ᠬᠠᠳᠠᠨ ᠴᠢᠨᠠᠷ ᠢ ᠨᠡᠮᠡᠭᠳᠡᠬᠦᠯᠦᠨ᠎ᠡ᠃ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠬᠠᠨᠳᠤᠰᠢ ᠪᠠ ᠪᠡᠯᠡ ᠣᠷᠣᠭᠤᠯᠤᠯᠲᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠨ᠂ ᠲᠡᠭᠡᠳᠦ ᠱᠠᠳᠤ ᠯᠤᠭ᠎ᠠ ᠢᠳᠡᠪᠬᠢᠲᠡᠢ ᠬᠠᠷᠢᠴᠠᠵᠤ ᠲᠦᠷᠦᠯ ᠵᠦᠢᠯ ᠢ ᠴᠢᠷᠮᠠᠶᠢᠨ ᠣᠯᠵᠤ ᠪᠠᠶᠢᠭᠠᠳ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠳᠠᠬᠢ ᠨᠡᠩ ᠤᠯᠠᠨ ᠲᠦᠷᠦᠯ ᠵᠦᠢᠯ ᠢ ᠤᠯᠤᠰ᠂ ᠣᠷᠣᠨ᠂ ᠠᠶᠢᠮᠠᠭ ᠤᠨ ︽ᠪᠤᠷᠤ ᠲᠦᠯᠦᠪ︾ ᠲᠤ ᠣᠷᠣᠭᠤᠯᠬᠤ ᠪᠠᠷ ᠴᠢᠷᠮᠠᠶᠢᠨ᠎ᠠ᠃ ᠰᠠᠭᠤᠷᠢ ᠲᠥᠬᠦᠭᠡᠷᠦᠮᠵᠢ᠂ ᠠᠵᠤ ᠦᠶᠯᠡᠰ ᠤᠨ ᠬᠥᠭᠵᠢᠯᠲᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠭᠠᠮᠰᠢᠭ  ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠲᠥᠷᠥᠯ ᠵᠦᠶᠯ ᠤᠨ ᠨᠥᠭᠡᠴᠡ ᠶᠢ ᠨᠡᠮᠡᠭᠳᠡᠬᠦᠯᠦᠨ᠎ᠡ᠃ ᠬᠤᠶᠠᠷ  ᠲᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠡᠭᠡᠷ᠎ᠡ ᠶᠡᠬᠡᠬᠡᠨ ᠬᠦᠴᠦ ᠤᠷᠤᠭᠤᠯᠬᠤ ᠭᠡᠷᠡᠭᠳᠡᠢ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠷᠠᠯᠵᠢᠶᠠᠴᠢᠨ ᠤᠷᠢᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠥᠬᠦ ᠠᠷᠠᠳ ᠢᠶᠠᠷ ᠢᠶᠠᠨ ᠠᠷᠠᠯᠵᠢᠶᠠᠴᠢᠨ ᠤᠷᠢᠬᠤ ᠶᠢ ᠵᠣᠷᠢᠭᠵᠢᠭᠤᠯᠤᠨ᠂ ᠠᠷᠠᠯᠵᠢᠶᠠᠴᠢᠨ  ᠢᠶᠠᠷ ᠠᠷᠠᠯᠵᠢᠶᠠᠴᠢᠨ ᠤᠷᠢᠬᠤ ᠶᠢ ᠠᠬᠢᠭᠤᠯᠵᠤ᠂ ᠠᠵᠤ ᠦᠶᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠭᠦᠨᠵᠡᠭᠡᠶᠢᠷᠡᠭᠦᠯᠦᠨ᠂ ᠨᠤᠲᠤᠭ ᠤᠨ ᠠᠬ᠎ᠠ ᠳᠡᠭᠦᠦ ᠨᠡᠷ ᠤᠨ ᠨᠤᠲᠤᠭ ᠲᠠᠭᠠᠨ ᠪᠤᠴᠠᠵᠤ ᠦᠢᠯᠡᠰ ᠪᠦᠳᠦᠬᠡᠬᠦ ᠶᠢ ᠤᠷᠢᠶᠠᠯᠠᠵᠤ᠂ 《 ᠵᠦᠭ ᠪᠤᠯᠭᠠᠨ ᠠᠴᠠ ᠡᠷᠳᠡᠨᠢ ᠬᠤᠷᠠᠮᠳᠤᠭᠤᠯᠬᠤ 》 ᠠᠷᠠᠯᠵᠢᠶᠠᠴᠢᠨ ᠤᠷᠢᠬᠤ ᠲᠦᠯᠦᠪᠰᠢᠷᠡᠯ ᠢ ᠪᠤᠢ ᠪᠤᠯᠭᠠᠬᠤ ᠪᠠᠷ ᠴᠢᠷᠮᠠᠶᠢᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠤᠨ ᠰᠢᠯᠵᠢᠯᠲᠡ ᠶᠢᠨ ᠠᠵᠠ ᠲᠣᠬᠢᠶᠠᠯ ᠢ ᠡᠵᠡᠮᠳᠡᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠲᠠᠶᠢᠹᠤᠰᠧ ᠬᠤᠰᠢᠭᠤᠨ ᠳᠠᠭᠠᠨ ᠣᠷᠣᠭᠤᠯᠬᠤ ᠪᠠᠷ ᠴᠢᠷᠮᠠᠶᠢᠨ᠎ᠠ᠃ ᠭᠤᠷᠪᠠ ᠳᠤ᠂ ᠲᠥᠷᠥᠯ ᠵᠦᠶᠯ ᠢ ᠠᠬᠢᠭᠤᠯᠬᠤ ᠲᠡᠭᠡᠷ᠎ᠡ ᠶᠡᠬᠡᠬᠡᠨ ᠬᠦᠴᠦ ᠤᠷᠤᠭᠤᠯᠬᠤ ᠭᠡᠷᠡᠭᠳᠡᠢ᠃ 《 ᠠᠵᠢᠯ ᠡᠬᠢᠯᠡᠭᠦᠯᠬᠦ ᠲᠥᠷᠥᠯ ᠵᠦᠶᠯ ᠤᠨ ᠠᠬᠢᠴᠠ ᠶᠢ ᠠᠳᠬᠤᠬᠤ᠂ ᠦᠷᠭᠦᠯᠵᠢᠯᠡᠨ ᠪᠠᠶᠢᠭᠤᠯᠬᠤ ᠲᠥᠷᠥᠯ ᠵᠦᠶᠯ ᠤᠨ ᠠᠰᠢᠭᠯᠠᠯᠲᠠ ᠳᠤ ᠣᠷᠣᠬᠤ ᠶᠢ ᠠᠳᠬᠤᠬᠤ᠂ ᠭᠡᠷ᠎ᠡ ᠲᠣᠭᠲᠠᠬᠤ ᠲᠥᠷᠥᠯ ᠵᠦᠶᠯ ᠤᠨ ᠮᠥᠷᠳᠡᠯᠲᠡ ᠶᠢ ᠠᠳᠬᠤᠬᠤ᠂ ᠨᠥᠭᠡᠴᠡᠯᠡᠬᠦ ᠲᠥᠷᠥᠯ ᠵᠦᠶᠯ ᠤᠨ ᠡᠮᠦᠨᠡᠬᠢ ᠬᠤᠭᠤᠴᠠᠭ᠎ᠠ ᠶᠢ ᠠᠳᠬᠤᠬᠤ 》 ᠶᠡᠷᠦᠩᠬᠡᠶ ᠰᠡᠳᠬᠢᠮᠵᠢ ᠶᠣᠰᠣᠭᠠᠷ᠂ 《 ᠳᠥᠷᠪᠡᠨ ᠨᠢᠭᠡ 》ᠳᠠᠭᠠᠭᠠᠴᠢᠯᠠᠨ ᠬᠠᠷᠢᠴᠠᠬᠤ ᠲᠣᠭᠲᠠᠴᠠ ᠶᠢ ᠪᠠᠷᠢᠮᠳᠠᠯᠠᠨ᠂ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠥᠬᠦᠷᠰᠡᠭ ᠬᠠᠮᠲᠤᠷᠠᠯᠴᠠᠭ᠎ᠠ ᠰᠢᠯᠢᠳᠡᠭ ᠦᠶᠯᠡᠴᠢᠯᠡᠭᠡ ᠪᠦᠬᠦᠢ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠣᠷᠴᠢᠨ ᠨᠦᠬᠦᠴᠡᠯ ᠢ ᠪᠤᠢ ᠪᠤᠯᠭᠠᠨ᠂ ᠤᠰᠤ᠂ ᠴᠠᠬᠢᠯᠭᠠᠨ᠂ ᠳᠤᠯᠠᠭᠠᠯᠠᠭ᠎ᠠ᠂ ᠭᠠᠵᠠᠷ ᠰᠢᠷᠣᠶ ᠵᠡᠷᠭᠡ ᠳᠤ ᠬᠤᠯᠪᠤᠭᠳᠠᠭᠰᠠᠨ ᠭᠠᠷᠳᠠᠮ ᠬᠦᠢᠴᠡᠳᠭᠡᠯ ᠢ ᠬᠢᠬᠦ ᠪᠠ ᠲᠦᠬᠦᠭᠡᠷᠦᠮᠵᠢ ᠶᠢ ᠪᠦᠷᠢᠳᠦᠬᠦᠯᠬᠦ ᠵᠡᠷᠭᠡ ᠲᠠᠯᠠᠪᠠᠷ ᠬᠠᠮᠤᠭ ᠤᠨ ᠰᠢᠯᠢᠳᠡᠭ ᠦᠶᠯᠡᠴᠢᠯᠡᠭᠡ᠂ ᠬᠠᠮᠤᠭ ᠤᠨ ᠰᠠᠶᠢᠨ ᠪᠠᠲᠤᠯᠠᠭ᠎ᠠ᠂ ᠬᠠᠮᠤᠭ ᠤᠨ ᠦᠨᠳᠦᠷ ᠪᠦᠲᠦᠮᠵᠢ ᠶᠢ ᠪᠡᠶᠡᠯᠡᠬᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号