ᠬᠤᠶᠢᠰᠢᠳᠠ ᠶᠢᠨ ᠲᠠᠪᠤᠨ ᠵᠢᠯ ᠤᠨ ᠭᠤᠤᠯᠳᠠᠯᠭ᠎ᠠ ᠲᠠᠢ ᠠᠵᠢᠯ ᠡᠬᠦᠷᠭᠡ ( ᠲᠦᠷᠪᠡ )
ᠨᠡᠶᠢᠲᠡᠯᠡᠭᠰᠡᠨ ᠴᠠᠭ᠄
2022/12/27
   ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠨ᠎ᠠ᠃ ᠬᠤᠲᠠ ᠪᠠᠯᠭᠠᠰᠤᠨ ᠤ ᠦᠢᠯᠡᠳᠦᠯ ᠴᠢᠳᠠᠮᠵᠢ ᠶᠢ ᠦᠷᠬᠦᠯᠵᠢᠯᠡᠨ ᠲᠡᠭᠡᠭᠰᠢᠯᠡᠬᠦᠯᠬᠦ ᠭᠡᠷᠡᠭᠳᠡᠢ᠃ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠱᠤᠭᠤᠮ ᠢ ᠴᠢᠩᠭ᠎ᠠ ᠬᠢᠵᠠᠭᠠᠷᠯᠠᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ᠂ ᠪᠣᠤᠴᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠶᠢ 17 ᠬᠠᠪᠳᠠᠭᠠᠢ ᠳᠥᠷᠪᠡᠯᠵᠢᠨ ᠺᠢᠯᠤᠮᠧᠲᠷ ᠤᠨ ᠳᠣᠲᠣᠷ᠎ᠠ ᠬᠢᠵᠠᠭᠠᠷᠯᠠᠨ᠎ᠠ᠃ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠨᠢᠭᠡ ᠪᠦᠯᠦᠭ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠵᠡᠭᠡᠯᠢ ᠭᠤᠳᠤᠮᠵᠢ ᠶᠢᠨ 《 ᠲᠠᠪᠤ ᠶᠢ ᠳᠡᠭᠡᠭᠰᠢᠯᠡᠭᠦᠯᠬᠦ 》 ᠢᠨᠵᠧᠨᠧᠷᠢᠩ᠂ ᠬᠤᠲᠠ ᠶᠢᠨ ᠵᠠᠮ ᠱᠤᠭᠤᠮ ᠲᠤᠤᠷ ᠬᠤᠭᠤᠯᠠᠢ ᠶᠢᠨ ᠪᠠᠶᠢᠭᠤᠯᠤᠯᠲᠠ ᠵᠡᠷᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ᠃ 2026 ᠣᠨ ᠪᠣᠯᠬᠤ ᠳᠤ᠂ ᠬᠤᠲᠠ ᠪᠠᠯᠭᠠᠰᠣᠵᠢᠯᠳᠡ ᠶᠢᠨ ᠨᠣᠷᠮ᠎ᠠ ᠶᠢ 60 % ᠳᠤ ᠬᠦᠷᠭᠡᠵᠦ᠂ ᠰᠢᠲᠠᠮᠠᠬᠠᠶ ᠬᠡᠶ  ᠶᠢᠨ ᠲᠦᠭᠡᠮᠡᠯᠵᠢᠯᠲᠡ ᠶᠢᠨ ᠨᠣᠷᠮ᠎ᠠ ᠶᠢ 15 % ᠳᠤ ᠬᠦᠷᠭᠡᠨ᠂ ᠢᠯᠴᠢ ᠬᠠᠩᠭᠠᠬᠤ ᠨᠣᠷᠮ᠎ᠠ ᠶᠢ 90 % ᠳᠤ ᠬᠦᠷᠭᠡᠵᠦ᠂ ᠠᠮᠢᠳᠤᠷᠠᠯ ᠤᠨ ᠬᠤᠭ ᠨᠣᠪᠰᠢ ᠶᠢᠨ ᠬᠤᠤᠷ ᠥᠬᠡᠶᠢᠳᠡᠭᠦᠯᠦᠨ ᠰᠢᠶᠳᠪᠦᠷᠢᠯᠡᠬᠦ ᠨᠣᠷᠮ᠎ᠠ ᠶᠢ 100 %  ᠳᠤ ᠬᠦᠷᠭᠡᠨ᠂ ᠬᠤᠳᠠ ᠵᠠᠮ ᠢ ᠬᠦᠮᠦᠨ ᠲᠤᠮᠳᠠᠴᠢ ᠪᠠᠷ 25 ᠬᠠᠪᠳᠠᠭᠠᠢ ᠳᠥᠷᠪᠡᠯᠵᠢᠨ ᠮᠧᠲᠷ ᠨᠤᠭᠳᠠᠭᠤᠯᠵᠤ᠂ ᠵᠦᠯᠭᠡ ᠭᠠᠵᠠᠷ ᠤᠨ ᠨᠣᠷᠮ᠎ᠠ ᠶᠢ 22 % ᠳᠤ ᠬᠦᠷᠭᠡᠨ᠂  ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠶ ᠶᠢ ᠬᠦᠮᠦᠨ ᠲᠤᠮᠳᠠᠴᠢ ᠪᠠᠷ 15 ᠬᠠᠪᠳᠠᠭᠠᠢ ᠳᠥᠷᠪᠡᠯᠵᠢᠨ ᠮᠧᠲᠷ ᠨᠤᠭᠳᠠᠭᠤᠯᠤᠨ᠂  ᠴᠡᠴᠡᠷᠯᠢᠭᠵᠢᠭᠰᠡᠨ ᠬᠤᠲᠠ ᠶᠢ ᠡᠬᠦᠳᠦᠨ ᠪᠠᠶᠢᠭᠤᠯᠬᠤ ᠪᠠᠷ ᠴᠢᠷᠮᠠᠶᠢᠨ᠎ᠠ᠃ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢ ᠲᠡᠬᠦᠯᠳᠡᠷᠵᠢᠬᠦᠯᠬᠦ ᠭᠡᠷᠡᠭᠳᠡᠢ᠃ ᠲᠦᠷᠭᠡᠨ ᠬᠤᠷᠳᠤᠴᠠᠲᠤ ᠲᠡᠮᠦᠷ ᠵᠠᠮ᠂ ᠲᠦᠷᠭᠡᠨ ᠬᠤᠷᠳᠤᠴᠠᠲᠤ ᠵᠠᠰᠠᠮᠠᠯ ᠵᠠᠮ ᠢᠶᠠᠷ ᠨᠢᠷᠤᠭᠤ ᠪᠤᠯᠭᠠᠵᠤ ᠂ ᠤᠯᠤᠰ ᠪᠠ ᠮᠤᠵᠢ ᠶᠢᠨ ᠲᠡᠰ ᠤᠨ ᠭᠤᠣᠯ ᠱᠤᠭᠤᠮ ᠢᠶᠠᠷ ᠲᠤᠯᠭᠠᠭᠤᠷᠢ ᠪᠤᠯᠭᠠᠨ᠂ ︽ᠳᠥᠷᠪᠡᠨ ᠰᠠᠶᠢᠨᠳᠠᠢ ᠬᠥᠳᠡᠭᠡ ᠶᠢᠨ ᠵᠠᠮ︾ ᠢᠶᠠᠷ ᠰᠠᠭᠤᠷᠢ ᠪᠤᠯᠭᠠᠵᠤ᠂ ᠵᠠᠰᠠᠮᠠᠯ ᠵᠠᠮ ᠲᠡᠮᠦᠷ ᠵᠠᠮ ᠤᠨ ᠥᠷᠲᠡᠭᠡ ᠪᠠᠷ ᠬᠦᠢᠰᠦ ᠪᠣᠯᠭᠠᠭᠰᠠᠨ ᠣᠷᠣᠨ ᠪᠦᠰᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠪᠦᠬᠦ ᠲᠠᠯ᠎ᠠ ᠪᠠᠷ ᠪᠠᠶᠢᠭᠤᠯᠵᠤ᠂ ︽304︾ ᠮᠤᠵᠢ ᠶᠢᠨ ᠲᠡᠰ ᠤᠨ ᠵᠠᠰᠠᠮᠠᠯ ᠵᠠᠮ᠂ ᠪᠡᠭᠡᠵᠢᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠠᠬᠢᠭᠤᠯᠤᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠲᠠᠶᠢᠪᠤᠰᠧ ᠬᠤᠰᠢᠭᠤ ᠪᠠᠨ ᠰᠢᠯᠢ ᠶᠢᠨ ᠭᠤᠣᠯ ᠠᠶᠢᠮᠠᠭ ᠤᠨ ᠭᠠᠳᠠᠭᠰᠢ ᠨᠡᠪᠳᠡᠷᠡᠬᠦ ᠴᠢᠬᠤᠯᠠ ᠵᠠᠮ ᠪᠠ ᠡᠮᠦᠨ᠎ᠡ ᠡᠬᠦᠳᠡ ᠪᠣᠯᠭᠠᠬᠤ ᠪᠠᠷ ᠴᠢᠷᠮᠠᠶᠢᠨ᠎ᠠ᠃ ᠨᠡᠶᠢᠲᠡ ᠶᠢᠨ ᠵᠠᠮ ᠬᠠᠷᠢᠯᠴᠠᠭᠠᠨ ᠤ ᠡᠬᠢ ᠪᠠᠶᠠᠯᠢᠭ ᠢ ᠨᠢᠬᠡᠳᠬᠡᠨ ᠰᠢᠯᠢᠳᠡᠭᠵᠢᠭᠦᠯᠵᠦ᠂ ᠬᠤᠲᠠ ᠬᠥᠳᠡᠭᠡ ᠶᠢᠨ ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷᠲᠡᠶ᠂ ᠶᠠᠪᠤᠵᠤ ᠰᠠᠭᠤᠬᠤ ᠳᠤ ᠦᠨᠡᠲᠡᠶ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠶᠳᠪᠦᠷᠢᠯᠡᠨ᠎ᠡ᠃ ᠪᠠᠭ᠎ᠠ ᠰᠠᠪᠠ ᠭᠠᠵᠠᠷ ᠤᠨ ᠵᠠᠰᠠᠯᠳᠠ ᠶᠢ ᠬᠡᠷᠡᠭᠵᠢᠭᠦᠯᠵᠦ᠂ ᠦᠶᠡᠷ ᠰᠡᠷᠭᠡᠶᠢᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠦᠶᠡᠷ ᠤᠰᠤᠲᠤᠯ ᠤᠨ ᠭᠠᠮᠰᠢᠭ ᠤᠨ ᠬᠤᠬᠢᠷᠠᠯ ᠢ ᠪᠠᠭᠠᠰᠬᠠᠨ᠎ᠠ᠃ ᠬᠤᠲᠠ ᠬᠦᠳᠡᠭᠡ ᠶᠢᠨ ᠴᠠᠬᠢᠯᠭᠠᠨ ᠬᠦᠴᠦᠨ ᠤ ᠥᠭᠡᠷᠡᠴᠢᠯᠡᠯᠲᠡ ᠶᠢ ᠠᠬᠢᠭᠤᠯᠵᠤ᠂ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ ᠤᠯᠠᠮ ᠰᠠᠶᠢᠨ ᠬᠠᠩᠭᠠᠨ᠎ᠠ᠃ 5G ᠰᠦᠯᠵᠢᠶ᠋ᠨ ᠤ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠥᠷᠭᠡᠨ ᠪᠦᠰᠡᠲᠦ ᠰᠦᠯᠵᠢᠶ᠎ᠡ ᠬᠦᠳᠡᠭᠡ ᠲᠣᠰᠬᠤᠨ ᠳᠤ ᠨᠡᠶᠢᠳᠡᠮ ᠪᠦᠷᠬᠦᠬᠦ ᠶᠢ ᠪᠡᠶᠡᠯᠡᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠭᠡᠷᠡᠭᠳᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ᠂ ᠨᠠᠭᠤᠷ ᠭᠤᠣᠯ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠡᠭᠦᠷᠡᠰᠦᠲᠥ᠋ᠷᠥᠭᠴᠢ ᠬᠤᠷᠠᠭᠤᠯᠬᠤ ᠠᠵᠤ ᠠᠬᠤᠢ ᠶᠢᠨ ᠤᠢ  ᠶᠢᠨ ᠬᠤᠶᠠᠳᠤᠭᠠᠷ ᠬᠤᠭᠤᠴᠠᠭ᠎ᠠ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ᠂ ᠠᠶᠢᠯ ᠲᠣᠰᠬᠤᠨ ᠤ ᠨᠣᠭᠤᠭᠠᠷᠠᠭᠤᠯᠤᠯᠲᠠ᠂ ᠮᠠᠭᠤᠵᠢᠷᠠᠭᠰᠠᠨ ᠬᠠᠯᠬᠠᠪᠴᠢ ᠤᠢ ᠶᠢᠨ ᠥᠭᠡᠷᠡᠴᠢᠯᠡᠯᠲᠡ ᠵᠡᠷᠭᠡ ᠭᠤᠣᠯᠳᠠᠯᠭ᠎ᠠ  ᠲᠠᠢ ᠢᠨᠵᠧᠨᠧᠷᠢᠩ ᠢ ᠬᠡᠷᠡᠭᠵᠢᠭᠦᠯᠦᠨ᠎ᠡ᠃《 ᠨᠦᠬᠦᠷᠯᠡᠯ ᠬᠠᠶᠢᠷ᠎ᠠ ᠶᠢᠨ ᠣᠶ 》᠂ 《 ᠠᠬᠠᠨ ᠲᠡᠬᠦᠦᠰ ᠤᠨ ᠣᠶ 》᠂ 《 ᠵᠠᠯᠠᠭᠤᠴᠤᠳ ᠤᠨ ᠣᠶ 》 ᠶᠢᠨ ᠠᠵᠢᠯᠯᠠᠭ᠎ᠠ ᠶᠢ ᠢᠳᠡᠪᠬᠢᠲᠡᠶ ᠦᠷᠨᠢᠬᠦᠯᠦᠨ᠂ 《 ᠰᠢᠷᠭᠤᠯᠵᠢ ᠣᠶ 》 ᠶᠢᠨ ᠲᠥᠷᠥᠯ ᠵᠦᠶᠯ ᠢ ᠴᠢᠷᠮᠠᠶᠢᠨ ᠣᠯᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠠᠵᠤ ᠠᠬᠤᠶ ᠶᠢᠨ ᠤᠢ ᠮᠤᠳᠤ ᠶᠢ ᠰᠠᠶᠢᠲᠤᠷ ᠳᠠᠷᠢᠵᠤ᠂ ᠤᠢ ᠮᠤᠳᠤ ᠪᠠᠷ ᠠᠰᠢᠭ ᠤᠷᠤᠯᠭ᠎ᠠ ᠪᠠᠨ ᠨᠡᠮᠡᠭᠳᠡᠬᠦᠯᠦᠨ᠎ᠡ᠃ ᠡᠪᠡᠰᠦ ᠪᠡᠯᠴᠢᠭᠡᠷ ᠢᠶᠠᠷ ᠮᠠᠯ ᠤᠨ ᠲᠤᠭ᠎ᠠ ᠪᠠᠨ ᠲᠣᠭᠲᠠᠭᠠᠬᠤ ᠶᠢ ᠪᠠᠷᠢᠮᠳᠠᠯᠠᠵᠤ᠂ ᠲᠠᠷᠢᠶᠠᠯᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯᠵᠢᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠤᠯᠠᠷᠢᠯ ᠤᠨ ᠴᠢᠨᠠᠷᠲᠠᠶ ᠪᠡᠯᠴᠢᠭᠡᠷ ᠰᠡᠷᠬᠦᠬᠡᠬᠦ ᠳᠦᠷᠢᠮ ᠢ ᠦᠷᠬᠦᠯᠵᠢᠯᠡᠨ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠢ ᠡᠪᠳᠡᠵᠦ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ ᠡᠵᠡᠬᠦᠢ ᠭᠤᠤ ᠭᠠᠩᠭ᠎ᠠ ᠶᠢᠨ ᠰᠡᠷᠭᠦᠭᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂  ᠪᠣᠬᠢᠷᠲᠤᠯ ᠥᠬᠡᠶ ᠠᠭᠤᠷᠬᠠᠶ ᠶᠢᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠬᠦᠯᠦᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠨ ᠬᠢᠵᠦ᠂ ᠠᠭᠠᠷ ᠮᠠᠨᠳᠠᠯ᠂ ᠬᠥᠷᠥᠰᠥ ᠰᠢᠷᠣᠢ᠂ ᠤᠰᠤᠨ ᠤ ᠰᠤᠷᠪᠤᠯᠵᠢ ᠶᠢᠨ ᠪᠣᠬᠢᠷᠲᠤᠯ ᠢ ᠵᠠᠰᠠᠬᠤ ᠶᠢ ᠴᠢᠩᠭᠠᠳᠬᠠᠨ᠂ ᠲᠩᠷᠢ ᠨᠢ ᠴᠡᠯᠮᠡᠭ᠂ ᠭᠠᠵᠠᠷ ᠨᠢ ᠨᠣᠭᠤᠭᠠᠨ ᠂ ᠤᠰᠤ ᠨᠢ ᠲᠤᠩᠭᠠᠯᠠᠭ᠂ ᠲᠠᠭᠠᠯᠠᠮᠵᠢᠲᠠᠢ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠠᠶᠢᠭᠤᠯᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号