2022 ᠣᠨ ᠤ ᠭᠤᠤᠯᠳᠠᠯᠭ᠎ᠠ ᠲᠠᠢ ᠠᠵᠢᠯ  ( ᠨᠢᠭᠡ )
ᠨᠡᠶᠢᠲᠡᠯᠡᠭᠰᠡᠨ ᠴᠠᠭ᠄
2022/12/27
  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ᠂ 《 ᠬᠤᠶᠠᠷ ᠲᠤ ᠦᠯᠦ ᠵᠣᠪᠠᠭ᠋ᠤ᠂ ᠭᠤᠷᠪᠠ ᠶᠢ ᠵᠠᠪᠠᠯ ᠪᠠᠲᠤᠯᠠᠬᠤ 》 ᠬᠤᠷᠢᠭ᠎ᠠ ᠱᠤᠭᠤᠮ ᠢ ᠪᠠᠲᠤ ᠰᠠᠬᠢᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠵᠡᠭᠳᠡᠯ ᠭᠠᠷᠬᠤ ᠦᠬᠡᠢ ᠶᠢ ᠦᠨᠡᠨ ᠬᠦ ᠪᠠᠲᠤᠯᠠᠨ᠎ᠠ᠃ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠤᠬᠢᠶᠠᠨ ᠪᠠᠶᠢᠭᠤᠯᠤᠯᠳᠠ ᠶᠢᠨ 《 ᠲᠠᠪᠤᠨ ᠶᠡᠭᠡ ᠬᠥᠭᠵᠢᠯ ᠮᠠᠨᠳᠤᠯ 》 ᠢ ᠬᠦᠴᠦᠲᠡᠢ ᠠᠳᠬᠤᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠴᠢᠨᠠᠭᠰᠢᠳᠠ ᠲᠡᠭᠡᠭᠰᠢᠯᠡᠬᠦᠯᠦᠨ᠂ 《 5 + 1 》 ᠲᠦᠰᠦᠪ ᠤᠨ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠲᠥᠷᠥᠯ ᠵᠦᠶᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 1.65 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠂ ᠤᠨᠴᠠᠯᠢᠬᠳᠤ ᠠᠵᠤ ᠦᠶᠯᠡᠰ᠂ ᠠᠮᠢ ᠠᠬᠤᠶ ᠣᠷᠴᠢᠨ ᠲᠣᠭᠤᠷᠢᠨ᠂ ᠰᠠᠭᠤᠷᠢ ᠲᠥᠬᠦᠭᠡᠷᠦᠮᠵᠢ ᠵᠡᠷᠭᠡ ᠳᠤ ᠬᠤᠯᠪᠤᠭᠳᠠᠭᠰᠠᠨ 42 ᠲᠥᠷᠥᠯ ᠵᠦᠶᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠲᠥᠮᠥᠰᠥ ᠲᠠᠷᠢᠬᠤ ᠪᠠ ᠮᠠᠯ ᠤᠨ ᠡᠭᠦᠯᠳᠡᠷ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠶ ᠭᠡᠷᠡᠭᠵᠢᠬᠦᠯᠦᠨ᠂ ᠨᠠᠩ ᠣᠯᠠᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠦᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠵᠢᠭᠰᠡᠨ ᠡᠵᠡᠩᠨᠡᠯᠲᠡ ᠬᠥᠭᠵᠢᠯᠲᠡ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠳᠡᠭᠡᠭᠰᠢᠯᠡᠭᠦᠯᠬᠦ ᠲᠠᠪᠤᠨ ᠵᠢᠯ  ᠤᠨ ᠠᠵᠢᠯᠯᠠᠭ᠎ᠠ ᠪᠠᠷ ᠲᠣᠬᠢᠶᠠᠯ ᠪᠣᠯᠭᠠᠨ᠂ ᠬᠥᠮᠦᠨ ᠮᠠᠯ ᠢ ᠰᠠᠯᠭᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠵᠠᠰᠠᠬᠤ᠂ ᠣᠷᠴᠢᠨ ᠲᠣᠭᠤᠷᠢᠨ ᠢ ᠴᠡᠭᠴᠡᠯᠡᠬᠦ ᠵᠡᠷᠭᠡ ᠢᠨᠵᠧᠨᠧᠷᠢᠩ ᠢ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠤᠨ ᠣᠷᠣᠭᠤᠯᠤᠯᠲᠠ ᠪᠠ ᠬᠠᠮᠠᠭᠠᠯᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ 《 ᠨᠡᠶᠢᠲᠡᠯᠢᠭ ᠵᠢᠱᠢᠶ᠎ᠡ ᠪᠠᠷ ᠳᠠᠭᠠᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠱᠠᠲᠤᠯᠢᠭ  ᠢᠶᠠᠷ ᠠᠬᠢᠭᠤᠯᠬᠤ 》 ᠶᠢ ᠪᠠᠷᠢᠮᠲᠠᠯᠠᠵᠤ᠂ 19 ᠣᠷᠣᠨ ᠤ ᠲᠠᠰ ᠤᠨ ᠮᠠᠯ ᠠᠵᠤ ᠠᠬᠤᠶ ᠶᠢᠨ ᠤᠳᠤᠬᠢᠴᠢᠯᠠᠯᠳᠠ  ᠶᠢᠨ ᠵᠢᠱᠢᠶ᠎ᠡ ᠦᠵᠡᠭᠦᠯᠬᠦ ᠭᠠᠴᠠᠭ᠎ᠠ᠂ 10 ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ᠂ 8 ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠤᠯᠳᠠᠯᠭ᠎ᠠ ᠲᠠᠢ ᠭᠠᠴᠠᠭ᠎ᠠ ᠲᠣᠰᠬᠤᠨ ᠪᠠ 5 ᠬᠤᠰᠢᠭᠤᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠢ ᠵᠢᠯᠤᠭᠤᠳᠤᠨ ᠵᠠᠩ ᠳᠠᠳᠬᠠᠯ ᠢ ᠦᠬᠡᠷᠡᠴᠢᠯᠡᠵᠦ᠂ ᠪᠣᠯᠪᠠᠰᠤᠨ ᠰᠠᠶᠢᠬᠠᠨ ᠬᠥᠳᠡᠭᠡ ᠶᠢᠨ ᠰᠤᠷᠲᠠᠯ᠂ ᠰᠢᠯᠢᠳᠡᠭ ᠰᠠᠶᠢᠨ ᠬᠡᠷ ᠤᠨ ᠰᠤᠷᠲᠠᠯ᠂ ᠠᠵᠢᠯᠴᠢ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠤᠯᠭᠠᠨ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号