2022 ᠣᠨ ᠤ ᠭᠤᠤᠯᠳᠠᠯᠭ᠎ᠠ ᠲᠠᠢ ᠠᠵᠢᠯ ( ᠬᠤᠶᠠᠷ )
ᠨᠡᠶᠢᠲᠡᠯᠡᠭᠰᠡᠨ ᠴᠠᠭ᠄
2022/12/27
  ᠠᠵᠤ ᠦᠶᠯᠡᠰ ᠤᠨ ᠬᠡᠪᠴᠢᠶ᠎ᠡ ᠶᠢ ᠲᠠᠰᠤᠷᠠᠯᠲᠠ ᠤᠢᠭᠡᠢ ᠦᠷᠭᠡᠳᠬᠡᠨ ᠪᠤᠵᠠᠭᠠᠶᠢᠷᠠᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠲᠦᠷᠭᠡᠳᠬᠡᠨ ᠬᠦᠭᠵᠢᠬᠦᠯᠬᠦ ᠭᠡᠷᠡᠭᠳᠡᠢ᠃ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠳᠠᠪᠠᠭᠤᠯᠢᠭ ᠪᠠ ᠲᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠪᠥᠬᠦ ᠵᠢᠯ ᠤᠨ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ 103 ᠲᠦᠮᠡᠨ ᠮᠤ᠋ ᠳᠤ ᠲᠤᠭᠳᠠᠪᠤᠷᠢᠵᠢᠭᠤᠯᠤᠨ᠂ ᠠᠵᠤ ᠠᠬᠤᠢ ᠶᠢᠨ ᠲᠠᠷᠢᠮᠠᠯ ᠢ 38 ᠲᠦᠮᠡᠨ ᠮᠤ᠋ ᠳᠤ ᠬᠦᠷᠭᠡᠨ᠎ᠡ᠃ ᠰᠠᠶᠢᠨ ᠡᠭᠦᠯᠳᠡᠷ ᠤᠨ ᠮᠢᠬᠠᠨ ᠤ ᠦᠬᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠷᠳᠣᠨ ᠲᠠᠷᠭᠤᠯᠠᠭᠤᠯᠬᠤ ᠭᠤᠭᠴᠤᠭᠠᠨ ᠤ ᠬᠦᠷᠦᠯᠴᠡᠬᠦ ᠥᠬᠡᠶ ᠲᠠᠯ᠎ᠠ ᠪᠠᠨ ᠨᠦᠬᠦᠪᠦᠷᠢᠯᠡᠨ᠂ 2000 ᠲᠣᠯᠣᠭᠠᠢ ᠰᠠᠶᠢᠨ ᠡᠭᠦᠯᠳᠡᠷ ᠤᠨ ᠮᠢᠬᠠᠨ ᠤ ᠦᠬᠡᠷ ᠤᠷᠤᠭᠤᠯᠵᠤ᠂ 7 ᠲᠦᠮᠡᠨ ᠦᠬᠡᠷ  ᠲᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ᠂ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ 5 ᠶᠢ ᠰᠢᠨ᠎ᠡ  ᠪᠠᠷ ᠪᠠᠶᠢᠭᠤᠯᠤᠨ᠂ 2 ᠰᠠᠭᠤᠷᠢ ᠮᠢᠩᠭᠠᠨ ᠲᠣᠯᠣᠭᠠᠢ ᠠᠴᠠ ᠳᠡᠭᠡᠭᠰᠢᠬᠢ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠲᠠᠯᠠᠪᠠᠢ ᠶᠢ ᠠᠰᠢᠭᠯᠠᠯᠲᠠ ᠳᠤ ᠣᠷᠣᠭᠤᠯᠵᠤ᠂ 5 ᠲᠦᠮᠡᠨ ᠬᠠᠪᠳᠠᠭᠠᠢ ᠳᠥᠷᠪᠡᠯᠵᠢᠨ ᠮᠧᠲᠷ ᠮᠠᠯ ᠤᠨ ᠰᠠᠷᠠᠪᠴᠢ᠂ 5 ᠲᠦᠮᠡᠨ ᠬᠠᠪᠳᠠᠭᠠᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠫᠧᠩ᠂ 3 ᠲᠦᠮᠡᠨ ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ ᠶᠢ ᠪᠠᠶᠢᠭᠤᠯᠤᠨ᠎ᠠ᠃ ᠲᠠᠭᠠᠭᠤᠯᠤᠭᠴᠢ ᠠᠵᠤ ᠠᠬᠤᠶᠢᠯᠠᠯ ᠢ ᠤᠷᠤᠭᠤᠯᠬᠤ ᠪᠠ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠭᠴᠢ ᠠᠵᠤ ᠠᠬᠤᠶᠢᠯᠠᠯ 1᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ 1 ᠶᠢ ᠰᠢᠨ᠎ᠡ  ᠪᠠᠷ ᠨᠡᠮᠡᠭᠳᠡᠬᠦᠯᠦᠨ᠂ ᠪᠠᠷᠢᠮᠵᠢᠶᠠᠵᠢᠭᠰᠠᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 150 ᠶᠢ ᠮᠠᠭᠠᠳᠯᠠᠨ ᠲᠣᠭᠲᠠᠭᠠᠵᠤ᠂ 50 ᠡᠷᠦᠬᠡ ᠲᠤᠰᠬᠠᠢ ᠬᠤᠷᠰᠢᠶᠠᠵᠢᠯ ᠢ ᠴᠡᠭᠴᠡᠯᠡᠨ ᠲᠦᠷᠢᠮᠵᠢᠬᠦᠯᠦᠨ᠎ᠡ᠃ ᠠᠵᠤ ᠦᠶᠯᠡᠳᠪᠦᠷᠢ  ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦᠯᠡᠨ ᠠᠬᠢᠭᠤᠯᠬᠤ ᠭᠡᠷᠡᠭᠳᠡᠢ᠃ 《 ᠵᠢᠷᠭᠤᠭ᠎ᠠ ᠶᠢ ᠲᠣᠭᠲᠠᠪᠤᠷᠢᠵᠢᠭᠤᠯᠬᠤ 》 ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠶᠯᠡᠳᠪᠦᠷᠢ ᠶᠢᠨ ᠠᠵᠤ ᠠᠬᠤᠶ ᠶᠢᠨ ᠡᠷᠬᠢᠯᠳᠦᠯ ᠤᠨ ᠲᠣᠬᠢᠷᠠᠭᠤᠯᠤᠯᠲᠠ ᠪᠠ ᠮᠦᠷᠳᠡᠯ ᠦᠢᠯᠡᠴᠢᠯᠡᠭᠡ ᠶᠢ ᠴᠢᠩᠭᠠᠳᠬᠠᠨ᠂ ᠵᠤᠬᠢᠶᠠᠮᠠᠯ ᠠᠯᠮᠠᠰ ᠴᠢᠯᠠᠭᠤᠨ ᠤ ᠨᠢᠭᠡᠳᠦᠭᠡᠷ ᠬᠤᠭᠤᠴᠠᠭ᠎ᠠ᠂ ᠡᠤ ᠹᠧᠩ ᠮᠢᠬᠠᠨ ᠤ ᠦᠬᠡᠷ ᠤᠨ ᠨᠠᠷᠢᠯᠢᠭ ᠡᠳ᠋ᠰᠢᠬᠦᠯᠦᠯᠳᠡ᠂ ᠪᠠᠶ ᠬᠤᠶ ᠱᠧᠩ ᠰᠢᠬᠢᠷ ᠤᠨ ᠦᠶᠯᠡᠰ᠂ ᠱᠧᠩ ᠲᠠᠢ ᠡᠯ ᠡᠮ ᠤᠨ ᠦᠢᠯᠡᠳᠪᠦᠷᠢ᠂ ᠺᠧ ᠲᠠᠢ ᠯᠦᠩ ᠳ᠋ᠠ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠶᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠳᠤᠯᠠᠵᠤ᠂ ᠬᠤᠭ ᠨᠣᠪᠰᠢ ᠶᠢ ᠬᠤᠣᠷ ᠦᠬᠡᠶᠢᠳᠡᠬᠦᠯᠦᠭᠰᠡᠨ ᠢᠯᠴᠢ ᠴᠠᠬᠢᠯᠭᠠᠨ ᠤ ᠬᠠᠮ ᠦᠢᠯᠡᠳᠪᠦᠷᠢᠯᠡᠯ᠂ ᠠᠯᠮᠠᠰ ᠴᠢᠯᠠᠭᠤᠨ ᠤ ᠰᠢᠬᠠᠭᠤᠷ ᠮᠠᠰᠢᠨ ᠦᠢᠯᠡᠳᠬᠦ᠂ 40 ᠰᠠᠶ᠎ᠠ ᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ᠂  ᠰᠦᠯᠢᠶᠣᠣ ᠪᠦᠲᠦᠭᠡᠭᠳᠡᠬᠦᠨ ᠦᠢᠯᠡᠳᠪᠦᠷᠢᠯᠡᠬᠦ ᠵᠡᠷᠭᠡ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠤᠨ᠂ 《 ᠲᠠᠯ᠎ᠠ ᠨᠤᠲᠤᠭ ᠤᠨ ᠸᠠᠩ 》᠂ 《 ᠬᠤᠩ ᠵᠢᠩ ᠶᠤᠸᠠᠨ 》 ᠬᠤᠶᠠᠷ ᠶᠡᠭᠡ ᠨᠡᠷᠡᠲᠦ ᠲᠠᠸᠠᠷ ᠤᠨ ᠲᠡᠮᠳᠡᠭ ᠤᠨ ᠥᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ  ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠦᠶᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠤᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠥᠯ ᠵᠦᠢᠯ ᠢ ᠠᠵᠢᠯ ᠡᠬᠢᠯᠡᠭᠦᠯᠦᠨ᠎ᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠭᠡᠷᠡᠭᠳᠡᠢ᠃ 《 ᠳᠦᠷᠪᠡᠨ ᠤᠯᠠᠷᠢᠯ ᠤᠨ ᠵᠢᠭᠤᠯᠴᠢᠯᠠᠯ 》 ᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠰᠢᠭᠲᠠᠢ ᠠᠵᠠ ᠲᠣᠬᠢᠶᠠᠯ ᠢ ᠪᠠᠳᠤ ᠡᠵᠡᠮᠳᠡᠨ᠂ ᠵᠢᠭᠤᠯᠴᠢᠯᠠᠯ ᠤᠨ ᠦᠢᠯᠡᠰ ᠤᠨ 《 ᠦᠵᠡᠮᠵᠢ ᠶᠢᠨ ᠣᠷᠣᠨ ᠤ ᠪᠠᠶᠢᠭᠤᠯᠤᠯᠳᠠ 》 ᠠᠴᠠ 《 ᠰᠣᠳᠣᠨ ᠵᠦᠢᠯ ᠤᠨ ᠡᠬᠦᠳᠦᠯᠳᠡ 》 ᠲᠡᠶᠢᠰᠢ ᠬᠤᠪᠢᠷᠠᠬᠤ ᠶᠢ ᠦᠷᠭᠦᠯᠵᠢᠯᠡᠨ ᠠᠬᠢᠭᠤᠯᠵᠤ᠂  ᠬᠠᠭᠠᠨ ᠤ ᠠᠳᠤᠭᠤᠨ ᠵᠤᠰᠠᠭᠠᠯ  ᠂ ᠠᠳᠤᠭᠤᠳᠤ ᠪᠠᠯᠭᠠᠰᠤ᠂ ᠪᠢᠶᠠᠨ ᠴᠢᠶᠠᠩ ᠲᠤᠰᠬᠤᠨ᠂ ᠵᠢᠭᠤᠯᠴᠢᠯᠠᠭᠴᠢ ᠳᠤ ᠦᠶᠯᠡᠴᠢᠯᠡᠬᠦ ᠲᠥᠪ᠂ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠤᠭᠤᠮ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠲᠥᠷᠥᠯ ᠵᠦᠶᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ︾ ᠵᠡᠷᠭᠡ ᠨᠡᠷᠡᠳᠦ ᠲᠡᠮᠳᠡᠭᠳᠦ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠤᠷᠤᠭᠤᠯᠬᠤ ᠵᠢᠱᠢᠶ᠎ᠡ ᠦᠵᠡᠭᠦᠯᠦᠨ ᠲᠠᠰ ᠳᠡᠪᠰᠢᠭᠦᠯᠬᠦ ᠲᠥᠷᠥᠯ ᠵᠦᠶᠯ ᠢ ᠭᠦᠨᠵᠡᠭᠡᠶ ᠬᠡᠷᠡᠭᠵᠢᠭᠦᠯᠵᠦ᠂ ᠬᠦᠶᠲᠡᠨ ᠬᠡᠯᠬᠢᠶᠡᠲᠦ ᠪᠤᠳᠠᠰ ᠤᠨ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠲᠥᠪ ᠤᠨ ᠬᠤᠶᠠᠳᠤᠭᠠᠷ ᠬᠤᠭᠤᠴᠠᠭᠠᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠳᠠ ᠬᠥᠳᠡᠭᠡ ᠶᠢᠨ ᠲᠠᠸᠠᠷ ᠤᠨ ᠭᠦᠢᠯᠭᠡᠭᠡᠨ ᠤ ᠰᠢᠰᠲ᠋ᠧᠮ ᠢ ᠲᠡᠬᠦᠯᠳᠡᠷᠵᠢᠬᠦᠯᠦᠨ᠂ 《 ᠰᠦᠯᠵᠢᠶᠡᠨ ᠤ ᠪᠠᠷᠠᠭ᠎ᠠ ᠶᠢ ᠬᠥᠳᠡᠭᠡ ᠬᠦᠷᠭᠡᠬᠦ 》 ᠪᠠ 《 ᠲᠠᠷᠢᠶᠠᠯᠠᠩ ᠤᠨ ᠪᠦᠲᠦᠭᠡᠭᠳᠡᠬᠦᠨ ᠢ ᠬᠤᠳᠠ ᠳᠤ ᠣᠷᠣᠭᠤᠯᠬᠤ 》 ᠬᠤᠶᠠᠷ ᠴᠢᠭᠯᠡᠯ ᠤᠨ ᠭᠦᠢᠯᠭᠡᠭᠡ ᠶᠢ ᠠᠬᠢᠭᠤᠯᠤᠨ᠎ᠠ᠃ ᠪᠣᠳᠠᠲᠤ ᠴᠤᠭᠴᠠ ᠶᠢᠨ ᠠᠵᠤ ᠠᠬᠤᠶ ᠳᠤ ᠬᠠᠨᠳᠤᠭᠰᠠᠨ ᠮᠥᠩᠭᠦᠨ ᠭᠦᠶᠯᠭᠡᠭᠡᠨ ᠤ ᠦᠢᠯᠡᠴᠢᠯᠡᠬᠡᠨ ᠤ ᠡᠷᠴᠢᠮ ᠢ ᠦᠨᠡᠨᠬᠦ ᠴᠢᠩᠭᠠᠷᠠᠭᠤᠯᠵᠤ᠂ 1 ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠰᠢᠨ᠎ᠡ ᠪᠠᠷ ᠨᠡᠮᠡᠭᠳᠡᠭᠦᠯᠦᠨ᠎ᠡ᠃ ᠡᠷᠡᠬᠦᠯᠵᠢᠯ ᠨᠠᠰᠤᠵᠢᠯ᠂ ᠭᠡᠷ ᠠᠬᠤᠢ ᠶᠢᠨ ᠦᠢᠯᠡᠴᠢᠯᠡᠭᠡ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠣᠷᠴᠢᠨ ᠨᠥᠬᠦᠴᠡᠯ ᠢ ᠰᠢᠯᠢᠳᠡᠭᠵᠢᠬᠦᠯᠬᠦ ᠭᠡᠷᠡᠭᠳᠡᠢ᠃  ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠦᠨᠵᠡᠬᠡᠶᠢᠷᠡᠬᠦᠯᠦᠨ᠂《 ᠨᠢᠭᠡ ᠰᠦᠯᠵᠢᠶ᠎ᠡ ᠪᠠᠷ ᠰᠢᠭᠤᠳ ᠭᠦᠶᠴᠡᠳᠬᠡᠬᠦ 》᠂ 《 ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ 》 ᠶᠢ ᠭᠦᠨᠵᠡᠭᠡᠶ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠬᠦ ᠶᠢᠨ ᠬᠠᠮᠳᠤ᠂《 ᠠᠷᠠᠯᠵᠢᠶᠠᠴᠢᠨ ᠤᠷᠢᠵᠤ ᠪᠠᠯᠠ ᠣᠷᠣᠭᠤᠯᠬᠤ ᠣᠨ 》 ᠤ ᠠᠵᠢᠯᠯᠠᠭ᠎ᠠ ᠶᠢ ᠥᠷᠨᠢᠭᠦᠯᠵᠦ᠂ 《 ᠬᠤᠰᠢᠭᠤᠨ ᠤ ᠤᠳᠤᠷᠢᠳᠤᠯᠭ᠎ᠠ ᠳᠠᠭᠠᠭᠠᠴᠢᠯᠠᠨ ᠬᠠᠷᠢᠴᠠᠭᠰᠠᠨ᠂ ᠰᠠᠯᠠᠭ᠎ᠠ ᠮᠥᠴᠢᠷ ᠬᠦᠳᠡᠯᠦᠯᠴᠡᠭᠰᠡᠨ᠂ ᠨᠡᠶᠢᠭᠡᠮ ᠳᠠᠶᠠᠭᠠᠷ ᠤᠷᠤᠯᠴᠠᠭᠰᠠᠨ 》 ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠤᠭᠳᠠᠯᠴᠠᠭ᠎ᠠ ᠶᠢ ᠪᠠᠶᠢᠭᠤᠯᠤᠨ᠂ ᠤᠳᠤᠬᠠᠨ ᠤ ᠠᠵᠤ ᠦᠢᠯᠡᠰ ᠤᠨ ᠪᠤᠳᠠᠳᠠᠢ ᠳᠠᠭᠠᠨ ᠰᠠᠭᠤᠷᠢᠯᠠᠵᠤ᠂ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠤᠨ ᠰᠢᠯᠵᠢᠯᠲᠡ ᠶᠢᠨ ᠴᠢᠬᠤᠯᠠ ᠶᠡᠭᠡ ᠠᠵᠠ ᠲᠣᠬᠢᠶᠠᠯ ᠢ ᠡᠵᠡᠮᠳᠡᠨ᠂ ᠠᠷᠠᠯᠵᠢᠶᠠᠴᠢᠨ ᠤᠷᠢᠬᠤ ᠳᠠᠭᠠᠨ《 ᠶᠡᠭᠡ ᠳᠤ ᠰᠢᠨᠤᠬᠤ ᠥᠬᠡᠶ᠂ ᠪᠠᠭ᠎ᠠ ᠶᠢ ᠭᠤᠯᠤᠬᠤ ᠥᠬᠡᠶ 》 ᠪᠠᠶᠢᠵᠤ᠂ ᠠᠷᠠᠯᠵᠢᠶᠠᠴᠢᠨ ᠤᠷᠢᠬᠤ ᠠᠯᠬᠤᠴᠠ ᠪᠠᠨ ᠨᠢᠭᠡ ᠮᠥᠴᠡ ᠴᠦ ᠵᠤᠭᠰᠤᠭᠠᠬᠤ ᠥᠬᠡᠶ᠂ ᠨᠢᠭᠡ ᠮᠥᠴᠡ ᠴᠦ ᠤᠳᠠᠭᠠᠰᠢᠷᠠᠭᠤᠯᠬᠤ ᠥᠬᠡᠶ ᠪᠠᠶᠢᠵᠤ᠂ ᠤᠯᠠᠨ ᠵᠦᠢᠯ ᠤᠨ ᠠᠷᠭ᠎ᠠ ᠵᠠᠮ ᠢᠶᠠᠷ ᠠᠷᠠᠯᠵᠢᠶᠠᠴᠢᠨ ᠤᠷᠢᠵᠤ᠂ ᠳᠤᠮᠳᠠ ᠪᠠᠭ᠎ᠠ ᠬᠡᠪᠴᠢᠶᠡᠨ ᠤ ᠰᠠᠶᠢᠨ ᠲᠥᠷᠥᠯ ᠵᠦᠢᠯ ᠢ ᠤᠷᠤᠭᠤᠯᠬᠤ ᠶᠢᠨ ᠬᠠᠮᠳᠤ᠂ ᠮᠤᠨᠳᠠᠭ ᠲᠣᠮᠣ ᠲᠥᠷᠥᠯ ᠵᠦᠢᠯ ᠢ ᠤᠷᠤᠭᠤᠯᠬᠤ ᠪᠠᠷ ᠴᠢᠷᠮᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号