2022 ᠣᠨ ᠤ ᠭᠤᠤᠯᠳᠠᠯᠭ᠎ᠠ ᠲᠠᠢ ᠠᠵᠢᠯ ( ᠭᠤᠷᠪᠠ )
ᠨᠡᠶᠢᠲᠡᠯᠡᠭᠰᠡᠨ ᠴᠠᠭ᠄
2022/12/27
   ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠲᠤᠳᠬᠠᠨ᠎ᠠ᠃ ᠬᠤᠲᠠ ᠶᠢᠨ ᠢᠵᠢ ᠪᠦᠷᠢᠳᠦᠭᠰᠡᠨ ᠴᠢᠳᠠᠮᠵᠢ ᠶᠢ ᠦᠷᠬᠦᠯᠵᠢᠯᠡᠨ ᠲᠡᠭᠦᠯᠳᠡᠷᠵᠢᠭᠦᠯᠬᠦ ᠬᠡᠷᠡᠭᠲᠡᠶ᠃ ᠬᠤᠲᠠ ᠪᠠᠯᠭᠠᠰᠤᠨ ᠤ  ᠵᠠᠮ ᠤᠨ ᠪᠦᠲᠦᠴᠡ ᠶᠢ ᠤᠯᠠᠮ ᠰᠢᠯᠢᠳᠡᠭᠵᠢᠬᠦᠯᠦᠨ᠂ ᠮᠤᠬᠤᠷ ᠵᠠᠮ᠂ ᠬᠠᠭᠠᠰ ᠲᠤᠨᠤᠯᠵᠢᠨ ᠵᠠᠮ ᠢ ᠨᠡᠪᠲᠡᠷᠡᠭᠦᠯᠵᠦ᠂ 3.8 ᠺᠢᠯᠤᠮᠧᠲᠷ ᠴᠠᠷᠳᠠᠮᠠᠯ ᠵᠠᠮ ᠢ ᠰᠢᠨ᠎ᠡ ᠪᠠᠷ ᠲᠡᠪᠢᠰᠦᠨ᠂  10 ᠲᠦᠮᠡᠨ ᠬᠠᠪᠳᠠᠭᠠᠢ ᠳᠥᠷᠪᠡᠯᠵᠢᠨ ᠮᠧᠲᠷ ᠵᠠᠮ ᠢ ᠲᠠᠬᠢᠨ ᠴᠠᠷᠳᠠᠵᠤ᠂ 1.2 ᠺᠢᠯᠤᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠤᠨ᠂ 10 ᠲᠦᠮᠡᠨ ᠬᠠᠪᠳᠠᠭᠠᠢ ᠳᠥᠷᠪᠡᠯᠵᠢᠨ ᠮᠧᠲᠷ ᠶᠠᠪᠠᠭᠠᠨ ᠤ ᠵᠠᠮ ᠢ ᠳᠡᠪᠢᠰᠦᠨ᠎ᠡ᠃ ᠤᠰᠤ ᠬᠠᠩᠭᠠᠬᠤ ᠢᠯᠴᠢ ᠬᠠᠩᠭᠠᠬᠤ ᠲᠤᠤᠷ ᠬᠤᠭᠤᠯᠠᠢ ᠪᠠ ᠪᠣᠷᠣᠭᠠᠨ ᠤ ᠤᠰᠤ ᠪᠣᠬᠢᠷ ᠤᠰᠤ ᠶᠢ ᠢᠯᠭᠠᠨ ᠤᠷᠤᠰᠬᠠᠬᠤ ᠲᠤᠤᠷ ᠬᠤᠭᠤᠯᠠᠢ ᠶᠢᠨ ᠦᠬᠡᠷᠡᠴᠢᠯᠡᠯᠳᠡ ᠶᠢ ᠬᠢᠵᠦ ᠂ 9 ᠺᠢᠯᠤᠮᠧᠲᠷ ᠤᠰᠤ ᠬᠠᠩᠭᠠᠬᠤ ᠬᠤᠭᠤᠯᠠᠢ᠂ 16 ᠺᠢᠯᠤᠮᠧᠲᠷ ᠢᠯᠴᠢ ᠬᠠᠩᠭᠠᠬᠤ ᠬᠤᠭᠤᠯᠠᠢ᠂ 8 ᠺᠢᠯᠤᠮᠧᠲᠷ ᠪᠣᠬᠢᠷ ᠤᠰᠤᠨ ᠤ ᠬᠤᠭᠤᠯᠠᠢ᠂ 5 . 4 ᠺᠢᠯᠤᠮᠧᠲᠷ ᠪᠣᠷᠣᠭᠠᠨ ᠤ ᠤᠰᠤᠨ ᠤ ᠬᠤᠭᠤᠯᠠᠢ ᠶᠢ ᠰᠢᠨ᠎ᠡ ᠪᠠᠷ ᠤᠭᠰᠠᠷᠠᠨ ᠂ 2 ᠰᠠᠭᠤᠷᠢ ᠨᠢᠭᠡᠳᠦᠭᠡᠷ ᠳᠡᠰ ᠤᠨ ᠢᠯᠴᠢ ᠰᠤᠯᠢᠭᠳᠠᠭᠤᠯᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠦᠨ᠎ᠡ᠃ ᠥᠷᠲᠡᠭᠡᠨ ᠤ ᠡᠮᠦᠨᠡᠬᠢ ᠠᠭᠤᠳᠠᠮ ᠲᠠᠯᠠᠪᠠᠢ᠂ ᠪᠤᠤᠴᠠᠩ ᠭᠤᠤᠯ ᠤᠨ ᠪᠠᠷᠠᠭᠤᠨ ᠬᠦᠬᠦᠷᠭᠡᠨ ᠤ ᠲᠡᠷᠭᠡᠨ ᠵᠣᠭᠰᠣᠭᠠᠯ᠂ ᠬᠤᠲᠠ ᠪᠠᠯᠭᠠᠰᠤᠨ ᠤ ᠵᠠᠮ ᠤᠨ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠢ ᠪᠡᠶᠡᠯᠡᠬᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠬᠢᠨᠠᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ《 ᠪᠠᠶᠢᠭᠤᠯᠬᠤ ᠶᠣᠰᠣᠲᠠᠢ ᠪᠣᠯ ᠵᠠᠪᠠᠯ ᠪᠠᠶᠢᠭᠤᠯᠬᠤ 》 ᠶᠢ ᠪᠠᠲᠤᠯᠠᠨ᠎ᠠ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠬᠦᠴᠦᠨ ᠢᠶᠠᠷ ᠲᠡᠭᠡᠭᠰᠢᠯᠡᠬᠦᠯᠬᠦ ᠭᠡᠷᠡᠭᠳᠡᠢ᠃ 《 ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠣᠨ 》 ᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠢᠶᠠᠷ ᠭᠤᠤᠯ ᠪᠣᠯᠭᠠᠭᠰᠠᠨ᠂ ᠰᠠᠭᠤᠭᠠᠯᠢ ᠠᠷᠠᠳ ᠤᠨ ᠵᠥᠪᠯᠡᠯ᠂ ᠠᠳᠠᠯ ᠠᠬᠤᠶ ᠶᠢᠨ ᠺᠤᠮᠫᠠᠨᠢ᠂ ᠳᠠᠭᠠᠭᠠᠴᠢᠯᠠᠨ ᠬᠠᠷᠢᠴᠠᠬᠤ ᠨᠢᠭᠡᠴᠡ ᠬᠠᠮᠲᠤ ᠪᠠᠷ ᠣᠷᠣᠯᠴᠠᠭᠰᠠᠨ ᠰᠠᠭᠤᠭᠠᠯᠢ ᠲᠣᠭᠤᠷᠢᠭ ᠤᠨ ᠵᠠᠰᠠᠯᠲᠠ ᠶᠢᠨ ᠪᠦᠲᠦᠴᠡ ᠶᠢ ᠪᠠᠶᠢᠭᠤᠯᠤᠨ ᠪᠦᠷᠢᠨᠰᠢᠬᠦᠯᠵᠦ᠂ ᠠᠳᠠᠯ ᠠᠬᠤᠶ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨᠬᠦ ᠰᠢᠶᠳᠪᠦᠷᠢᠯᠡᠨ᠎ᠡ᠃ ᠭᠡᠷ ᠪᠠᠷᠢᠯᠭ᠎ᠠ ᠶᠢᠨ ᠬᠡᠪᠴᠢᠶ᠎ᠡ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠬᠤᠲᠠ ᠶᠢᠨ ᠲᠣᠭᠤᠷᠢᠭ ᠲᠤ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠶᠢ ᠲᠤᠰᠬᠠᠶᠢᠯᠠᠨ ᠴᠡᠭᠴᠡᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠰᠢᠯᠭᠠᠨ ᠪᠠᠶᠢᠴᠠᠭᠠᠯᠳᠠ ᠶᠢ ᠤᠭᠳᠤᠬᠤ ᠠᠵᠢᠯ ᠢ ᠪᠥᠬᠦ ᠬᠦᠴᠦᠨ ᠢᠶᠠᠷ ᠰᠠᠶᠢᠨ ᠬᠢᠨ᠎ᠠ᠃ ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ ᠬᠦᠴᠦ ᠤᠷᠤᠭᠤᠯᠤᠨ ᠨᠦᠬᠦᠪᠦᠷᠢᠯᠡᠬᠦ ᠭᠡᠷᠡᠭᠳᠡᠢ᠃ ᠠᠵᠤ ᠦᠢᠯᠡᠰ ᠤᠨ ᠵᠠᠮ᠂ ᠠᠶᠢᠯ ᠲᠤᠰᠬᠤᠨ ᠤ ᠵᠠᠮ᠂ ᠵᠢᠭᠤᠯᠴᠢᠯᠠᠯ ᠤᠨ ᠵᠠᠮ᠂ ᠪᠣᠭᠤᠮᠢ ᠶᠢᠨ ᠵᠠᠮ ᠢᠶᠠᠷ ᠭᠤᠣᠯᠳᠠᠯᠭ᠎ᠠ ᠪᠣᠯᠭᠠᠨ᠂ 《 ᠳᠥᠷᠪᠡᠨ ᠰᠠᠶᠢᠨᠳᠠᠢ ᠬᠥᠳᠡᠭᠡ ᠢ ᠵᠠᠮ 》 ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠽᠧᠮᠧᠨ᠋ᠲ ᠵᠠᠮ ᠢ ᠪᠠᠷᠤᠭᠰᠢᠨ ᠵᠠᠮ ᠪᠤᠯᠭᠠᠵᠤ ᠦᠬᠡᠷᠡᠴᠢᠯᠡᠬᠦ ᠢᠨᠵᠧᠨᠧᠷᠢᠩ ᠢ ᠭᠡᠷᠡᠭᠵᠢᠬᠦᠯᠦᠨ᠂ ᠮᠠᠯᠵᠢᠬᠤ ᠲᠠᠷᠢᠶᠠᠯᠠᠬᠤ ᠣᠷᠣᠨ ᠤ 110 ᠺᠢᠯᠤᠮᠧᠲᠷ ᠵᠠᠮ ᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ 20 ᠬᠠᠪᠳᠠᠭᠠᠢ ᠳᠥᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ ᠢ ᠶᠡᠷᠦᠩᠬᠡᠶᠢᠯᠡᠨ ᠵᠠᠰᠠᠵᠤ᠂ 3.24 ᠺᠢᠯᠤᠮᠧᠲᠷ ᠭᠤᠣᠯ ᠤᠨ ᠤᠷᠤᠰᠬᠠᠯ ᠢ ᠥᠭᠡᠷᠡᠴᠢᠯᠡᠨ ᠵᠠᠰᠠᠨ᠎ᠠ᠃ ᠲᠦᠭᠡᠭᠡᠯ ᠤᠰᠤᠨ ᠤ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ 14 ᠶᠢ ᠬᠡᠷᠡᠭᠵᠢᠭᠦᠯᠵᠦ᠂ 16 ᠲᠣᠰᠬᠤᠨ᠂ 2918 ᠬᠦᠮᠦᠨ ᠤ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠨ᠂ 95 ᠺᠢᠯᠤᠮᠧᠲᠷ ᠴᠠᠬᠢᠯᠭᠠᠨ ᠱᠤᠭᠤᠮ᠂ 32 ᠰᠠᠤᠷᠢ ᠬᠦᠴᠦᠳᠡᠯ ᠥᠭᠡᠷᠡᠴᠢᠯᠡᠭᠴᠢ ᠶᠢ ᠰᠢᠨ᠎ᠡ ᠪᠠᠷ ᠤᠭᠰᠠᠷᠠᠵᠤ᠂ ᠴᠢᠮᠡᠭᠡ ᠬᠤᠯᠪᠤᠭᠠᠨ ᠤ ᠨᠡᠶᠢᠳᠡᠮ ᠪᠦᠷᠬᠦᠭᠦᠯᠬᠦ ᠢᠨᠵᠧᠨᠧᠷᠢᠩ ᠢ ᠭᠡᠷᠡᠭᠵᠢᠬᠦᠯᠦᠨ᠂ 5G ᠶᠢᠨ ᠰᠠᠭᠤᠷᠢ ᠥᠷᠲᠡᠭᠡ 42 ᠶᠢ ᠪᠠᠶᠢᠭᠤᠯᠵᠤ᠂ 4G ᠲᠤᠬᠢᠶᠠᠨ ᠤ ᠪᠦᠷᠬᠦᠴᠡ ᠶᠢᠨ ᠨᠣᠷᠮ᠎ᠠ ᠶᠢ 100 % ᠳᠤ ᠬᠦᠷᠭᠡᠨ᠎ᠡ᠃ ᠠᠮᠢ ᠠᠬᠤᠶ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢ ᠦᠷᠬᠦᠯᠵᠢᠯᠡᠨ ᠴᠢᠩᠭᠠᠳᠬᠠᠬᠤ ᠭᠡᠷᠡᠭᠳᠡᠢ᠃ ᠭᠤᠤᠯᠳᠠᠯᠭ᠎ᠠ ᠲᠠᠢ ᠠᠮᠢ ᠠᠬᠤᠶ  ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ 4814 ᠮᠥ᠂ ᠠᠶᠢᠯ ᠲᠣᠰᠬᠤᠨ ᠤ ᠨᠣᠭᠤᠭᠠᠷᠠᠭᠤᠯᠤᠯᠲᠠ 3000 ᠮᠥ᠂ ᠬᠥᠮᠦᠨ ᠤ ᠬᠦᠴᠦ  ᠪᠠᠷ ᠣᠶᠢᠵᠢᠭᠤᠯᠬᠤ ᠲᠠᠯᠠᠪᠠᠢ 1000 ᠮᠥ᠂ ᠨᠥᠬᠦᠵᠦ ᠲᠠᠷᠢᠬᠤ ᠲᠠᠯᠠᠪᠠᠢ 926 ᠮᠥ᠂  ᠠᠷᠠᠴᠢᠯᠠᠨ ᠪᠣᠶᠢᠵᠢᠭᠤᠯᠬᠤ 5 ᠲᠦᠮᠡᠨ ᠮᠥ ᠶᠢ ᠬᠡᠷᠡᠭᠵᠢᠭᠦᠯᠵᠦ᠂ ᠶᠢᠨ ᠬᠤᠩ ᠠᠯᠮᠤᠷᠠᠳ ᠤᠨ ᠰᠠᠭᠤᠷᠢᠨ ᠭᠠᠵᠠᠷ᠂ ᠵᠡᠬᠦᠨ ᠠᠭᠤᠯᠠᠨ ᠤ ᠤ ᠨᠡᠭᠦᠷᠡᠰᠦᠲᠥ᠋ᠷᠥᠭᠴᠢ ᠬᠤᠷᠠᠭᠤᠯᠬᠤ ᠠᠵᠤ ᠠᠬᠤᠶ ᠶᠢᠨ ᠣᠶ᠂ ᠠᠵᠤ ᠠᠬᠤᠶᠢᠯᠠᠯ ᠤᠨ ᠦᠶᠯᠡᠳᠪᠦᠷᠢ  ᠶᠢᠨ ᠲᠣᠭᠤᠷᠢᠭ ᠤᠨ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠢ ᠪᠡᠶᠡᠯᠡᠭᠦᠯᠦᠨ᠎ᠡ᠃ ᠮᠠᠯᠵᠢᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠤᠯᠠᠷᠢᠯ ᠤᠨ ᠴᠢᠨᠠᠷᠲᠠᠶ ᠪᠡᠯᠴᠢᠬᠡᠷ ᠰᠡᠷᠬᠦᠬᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠤᠷᠪᠠᠳᠤᠭᠠᠷ ᠡᠭᠡᠯᠵᠢ ᠶᠢᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ  ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ 2 ᠡᠷᠦᠬᠡ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号