2022 ᠣᠨ ᠤ ᠭᠤᠤᠯᠳᠠᠯᠭ᠎ᠠ ᠲᠠᠢ ᠠᠵᠢᠯ ( ᠲᠦᠷᠪᠡ )
ᠨᠡᠶᠢᠲᠡᠯᠡᠭᠰᠡᠨ ᠴᠠᠭ᠄
2022/12/27
   ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ᠃ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠳᠡᠢ᠃ ᠵᠢᠯ ᠤᠨ ᠳᠣᠲᠣᠷ᠎ᠠ 1 ᠲᠦᠮᠡᠨ ᠠᠵᠢᠯ ᠤᠨ ᠪᠠᠶᠢᠷᠢ ᠡᠯᠰᠡᠵᠦ᠂ ᠬᠤᠲᠠ ᠪᠠᠯᠭᠠᠰᠤᠨ ᠤ 800 ᠬᠥᠮᠦᠨ ᠳᠤ ᠰᠢᠨ᠎ᠡ ᠪᠠᠷ ᠠᠵᠢᠯ ᠣᠯᠭᠤᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠣᠷᠮ᠎ᠠ ᠶᠢ 4 % ᠳᠣᠲᠣᠷ᠎ᠠ ᠬᠢᠵᠠᠭᠠᠷᠯᠠᠨ᠎ᠠ᠃ 1000 ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠲᠤᠯᠠᠭᠠᠲᠤ ᠵᠢᠭᠡᠯᠡᠯᠭᠡ ᠲᠠᠷᠬᠠᠭᠠᠵᠤ᠂ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠠᠰᠢᠭᠯᠠᠯᠲᠠ ᠳᠤ ᠤᠷᠤᠭᠤᠯᠤᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠣᠯᠭᠤᠮᠵᠢ ᠶᠢ ᠪᠠᠲᠤᠯᠠᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠢ ᠪᠠᠳᠤᠯᠠᠬᠤ᠂ ᠣᠨᠴᠠ ᠬᠦᠴᠢᠷᠳᠡᠯᠲᠡᠶ ᠬᠦᠮᠦᠰ ᠢ ᠠᠰᠠᠷᠠᠨ ᠬᠠᠷᠠᠭᠠᠯᠵᠠᠬᠤ᠂ ᠨᠡᠶᠢᠭᠡᠮ ᠤᠨ ᠲᠤᠰᠠᠯᠠᠮᠵᠢ ᠦᠵᠡᠬᠦᠯᠬᠦ ᠵᠡᠷᠭᠡ ᠠᠰᠠᠷᠠᠮᠵᠢ ᠬᠠᠷᠠᠭᠠᠯᠵᠠᠯ ᠤᠨ ᠳᠦᠷᠢᠮ ᠢ ᠨᠠᠶᠢᠳᠠᠪᠤᠷᠢᠵᠢᠭᠤᠯᠤᠨ᠂ 《 ᠪᠠᠳᠤᠯᠠᠬᠤ ᠵᠤᠬᠢᠰᠳᠠᠢ ᠶᠢ  ᠨᠢ ᠪᠦᠬᠦᠨ ᠢ ᠪᠠᠲᠤᠯᠠᠬᠤ᠂  ᠲᠤᠰᠠᠯᠠᠬᠤ ᠵᠤᠬᠢᠰᠳᠠᠢ ᠶᠢ ᠨᠢ ᠪᠦᠬᠦᠨ ᠢ ᠲᠤᠰᠠᠯᠠᠬᠤ 》 ᠶᠢ ᠪᠡᠶᠡᠯᠡᠭᠦᠯᠦᠨ᠎ᠡ᠃ 《 ᠪᠠᠶᠢᠭᠤᠯᠤᠮᠵᠢ + ᠨᠡᠶᠢᠭᠡᠮ ᠲᠣᠭᠤᠷᠢᠭ + ᠬᠡᠷ ᠡᠷᠦᠬᠡ 》 ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠲᠦᠭᠡᠮᠡᠯ ᠬᠠᠷᠠᠭᠠᠯᠵᠠᠯᠲᠤ ᠨᠠᠶᠢᠳᠠᠨ ᠠᠰᠠᠷᠠᠭᠤᠯᠬᠤ ᠦᠶᠯᠡᠴᠢᠯᠡᠭᠡ ᠳᠤ ᠣᠷᠣᠯᠴᠠᠭᠤᠯᠤᠨ᠂ ᠨᠠᠰᠤᠳᠠᠶᠢᠴᠤᠳ ᠤᠨ ᠠᠰᠠᠷᠠᠮᠵᠢ  ᠶᠢᠨ ᠬᠦᠷᠢᠶᠡᠯᠡᠩ ᠤᠨ ᠰᠤᠪᠢᠯᠠᠯᠳᠠ ᠶᠢᠨ ᠴᠢᠳᠠᠪᠤᠷᠢ ᠶᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠶᠯ ᠢ ᠡᠨᠡ ᠵᠢᠯ ᠠᠵᠢᠯ ᠡᠬᠢᠯᠡᠬᠦᠯᠬᠦ ᠪᠠᠷ ᠴᠢᠷᠮᠠᠶᠢᠨ᠎ᠠ᠃ ᠣᠷᠣᠰᠢᠭᠤᠯᠭ᠎ᠠ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠤᠩᠭᠤᠨ ᠤ ᠡᠵᠡᠩᠨᠡᠯᠳᠡ ᠶᠢ ᠡᠬᠢᠯᠡᠬᠦᠯᠦᠨ᠎ᠡ᠃ ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠦᠷᠭᠡᠳᠭᠡᠬᠦ ᠭᠡᠷᠡᠭᠳᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠵᠤ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠨ᠎ᠡ ᠪᠠᠭᠤᠴᠠ ᠪᠠ 2 ᠰᠠᠭᠤᠷᠢ ᠬᠥᠳᠡᠭᠡ ᠲᠣᠰᠬᠤᠨ ᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠶᠢ ᠡᠬᠢᠯᠡᠬᠦᠯᠦᠨ᠎ᠡ᠃《 ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ 》 ᠤ ᠠᠵᠢᠯᠯᠠᠭ᠎ᠠ ᠶᠢ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠦᠨ᠂ ᠪᠠᠭᠰᠢ ᠶᠢ ᠬᠥᠮᠦᠵᠢᠭᠦᠯᠬᠦ ᠪᠠ ᠤᠷᠢᠵᠤ ᠤᠷᠤᠭᠤᠯᠬᠤ ᠡᠷᠴᠢᠮ ᠢᠶᠠᠨ ᠴᠢᠩᠭᠠᠷᠠᠭᠤᠯᠵᠤ᠂ ᠮᠡᠷᠭᠡᠵᠢᠯ ᠤᠨ ᠴᠣᠯᠠ ᠰᠢᠯᠭᠠᠨ ᠲᠤᠭᠳᠠᠭᠠᠬᠤ ᠶᠢ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠡᠶᠢᠰᠢ ᠬᠡᠯᠪᠡᠶᠢᠯᠭᠡᠬᠦ ᠶᠢ ᠠᠬᠢᠭᠤᠯᠤᠨ᠂ ᠪᠠᠭᠰᠢ ᠨᠠᠷ ᠢ ᠵᠢᠭᠠᠨ ᠰᠤᠷᠭᠠᠯᠲᠠ ᠶᠢᠨ ᠭᠤᠤᠯ ᠠᠵᠢᠯ ᠳᠤᠨᠢ ᠡᠭᠡᠭᠦᠯᠦᠨ ᠠᠪᠴᠢᠷᠠᠨ᠎ᠠ᠃ 《 ᠬᠤᠶᠠᠷ ᠢ ᠪᠠᠭᠠᠰᠬᠠᠬᠤ 》 ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂  ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠠᠵᠢᠯ ᠢ ᠲᠦᠷᠢᠮᠵᠢᠬᠦᠯᠦᠨ᠂ 《 ᠢᠨᠲ᠋ᠧᠷ ᠰᠦᠯᠵᠢᠶ᠎ᠡ + ᠰᠤᠷᠭᠠᠨ ᠬᠥᠮᠦᠵᠢᠯ 》 ᠢ ᠢᠳᠡᠪᠬᠢᠲᠡᠶ ᠠᠬᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠵᠤ᠂ 《 ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ 》 ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠷᠡᠰ ᠭᠤᠶᠢᠪᠢᠰᠢ ᠥᠬᠡᠶ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠭᠤᠷᠪᠠᠨ ᠲᠥᠷᠥᠯ  ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠶᠡᠷᠦᠩᠬᠡᠶᠢᠯᠡᠭᠰᠡᠨ ᠠᠵᠢᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠯᠠᠨ ᠠᠷᠭ᠎ᠠ ᠵᠠᠮ ᠢᠶᠠᠷ ᠤᠷᠢᠨ ᠣᠷᠣᠭᠤᠯᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠬᠤᠯᠤᠭᠠᠨ᠎ᠠ ᠶᠢᠨ ᠬᠢᠵᠢᠭ ᠭᠠᠷᠴᠤ ᠦᠩᠭᠡᠷᠡᠭᠰᠡᠨ ᠭᠠᠵᠠᠷ ᠤᠷᠤᠨ ᠤ ᠰᠡᠷᠭᠡᠶᠢᠯᠡᠯᠲᠡ ᠶᠢᠨ ᠴᠡᠭ ᠢ ᠠᠰᠢᠭᠯᠠᠯᠲᠠ ᠳᠤ ᠣᠷᠣᠭᠤᠯᠤᠨ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠤᠵᠢᠭ ᠡᠪᠡᠳᠴᠢᠨ ᠤ ᠬᠠᠮᠢᠶᠠᠷᠤᠯᠲᠠ ᠶᠢᠨ ᠲᠥᠪ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠠᠰᠠᠷ ᠤᠨ ᠪᠠᠷᠢᠯᠭ᠎ᠠ ᠶᠢ ᠡᠬᠢᠯᠡᠬᠦᠯᠬᠦ ᠪᠠᠷ ᠴᠢᠷᠮᠠᠶᠢᠨ᠎ᠠ᠃  208 ᠢᠵᠢ ᠪᠠᠳᠤᠯᠠᠭᠠᠨ ᠤ ᠴᠢᠨᠠᠷᠲᠠᠢ ᠣᠷᠣᠨ ᠰᠠᠭᠤᠴᠠ ᠶᠢᠨ ᠪᠠᠷᠢᠯᠭ᠎ᠠ ᠶᠢ ᠡᠬᠢᠯᠡᠬᠦᠯᠵᠦ᠂ ᠳ᠋ᠦᠩ ᠵᠢᠶᠤᠤ ᠨᠡᠶᠢᠭᠡᠮ ᠲᠣᠭᠤᠷᠢᠭ ᠤᠨ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠪᠠ ᠠᠷᠠᠳ  ᠤᠨ ᠠᠭᠠᠷ ᠤᠨ ᠰᠡᠷᠭᠡᠶᠢᠯᠡᠯᠲᠡ ᠶᠢᠨ ᠵᠢᠯᠣᠭᠤᠳᠬᠤ ᠲᠥᠪ᠂  ᠬᠠᠤᠯᠢ ᠶᠢᠨ ᠴᠠᠭᠳᠠᠭ᠎ᠠ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠰᠣᠶᠣᠯ ᠤᠨ ᠦᠶᠯᠡᠰ ᠢ ᠴᠡᠴᠡᠭᠯᠡᠭᠦᠯᠦᠨ ᠬᠥᠭᠵᠢᠭᠦᠯᠵᠦ᠂ ᠮᠦᠽᠧᠶ᠂ ᠰᠣᠶᠣᠯ ᠤᠨ ᠣᠷᠳᠣᠨ᠂ ᠨᠣᠮ ᠤᠨ ᠰᠠᠩ᠂ ᠲᠠᠮᠢᠷ ᠤᠨ ᠣᠷᠳᠣᠨ ᠵᠡᠷᠭᠡ ᠲᠥᠷᠥᠯ ᠵᠦᠶᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠠᠭᠠᠨᠮᠥ᠋ᠴᠢᠷ ᠤᠨ ᠤᠷᠠᠯᠢᠭ ᠤᠨ ᠲᠥᠪ᠂ ᠪᠢᠶᠠᠨ ᠴᠢᠶᠠᠩ ᠲᠤᠰᠬᠤᠨ ᠤ ᠤᠮᠪᠠᠯᠲᠠ ᠶᠢᠨ ᠣᠷᠳᠣᠨ᠂ ᠬᠤᠪᠢᠰᠬᠠᠯ ᠤᠨ ᠳᠤᠷᠠᠰᠬᠠᠯ ᠤᠨ ᠣᠷᠳᠣᠨ ᠢ ᠠᠰᠢᠭᠯᠠᠯᠲᠠ ᠳᠤ ᠣᠷᠣᠭᠤᠯᠤᠨ᠎ᠠ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠬᠠᠮ ᠵᠠᠭᠤᠴᠢᠯᠠᠭᠤᠷ ᠤᠨ ᠪᠠᠶᠢᠭᠤᠯᠤᠯᠲᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ ᠤᠨ ᠬᠡᠮᠵᠢᠯᠲᠡ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ  ᠤ ᠬᠤᠯᠪᠣᠭ᠎ᠠ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠦᠶᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠨ᠎ᠡ᠃ ᠠᠮᠤᠷ ᠠᠮᠤᠭᠤᠯᠠᠩ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠳᠡᠢ᠃ 《 ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠶᠳᠪᠦᠷᠢᠯᠡᠬᠦ 》 ᠵᠠᠷᠴᠢᠮ ᠢ ᠪᠠᠷᠢᠮᠳᠠᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠤᠯᠢ ᠲᠦᠷᠢᠮ ᠤᠨ ᠲᠠᠭᠠᠤ ᠰᠢᠢᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ᠂ ᠡᠯ᠎ᠡ ᠲᠥᠷᠥᠯ ᠤᠨ ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠡᠭᠡᠵᠢᠩ ᠤᠨ ᠡᠪᠦᠯ  ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ  ᠤᠨ ᠲᠠᠮᠢᠷ ᠤᠨ ᠴᠤᠭᠯᠠᠭᠠᠨ ᠤ ︽ᠤᠨᠠᠭᠤᠯᠢ ᠭᠤᠤᠯ︾ ᠤᠨ ᠡᠭᠦᠷᠭᠡ ᠶᠢ ᠴᠢᠨᠠᠷ ᠰᠠᠶᠢᠳᠠᠢ ᠪᠡᠶᠡᠯᠡᠬᠦᠯᠦᠨ᠎ᠡ᠃ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ ᠡᠯ᠎ᠡ ᠲᠥᠷᠥᠯ ᠤᠨ ᠦᠶᠯᠡᠳᠪᠦᠷᠢᠯᠡᠯ ᠤᠨ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠯᠳᠡ ᠶᠢᠨ ᠬᠠᠯᠬᠠᠪᠴᠢ ᠶᠢ ᠪᠠᠲᠤ ᠴᠤᠭᠴᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠶᠢᠨ ᠴᠢᠨᠠᠷᠳᠠᠢ ᠰᠠᠶᠢᠨ ᠬᠢᠨ᠎ᠡ᠃ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠢᠳᠡᠭᠡᠨ ᠪᠠ ᠡᠮ ᠤᠨ ᠵᠦᠶᠯ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠰᠢᠯᠢᠳᠡᠭᠵᠢᠭᠦᠯᠦᠨ᠎ᠡ᠃ ᠰᠦᠯᠵᠢᠶ᠎ᠡ ᠬᠤᠯᠪᠤᠭᠠᠨ ᠤ ᠮᠡᠬᠡᠯᠡᠯ ᠢ ᠰᠡᠷᠭᠡᠶᠢᠯᠡᠬᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠮᠥᠩᠭᠦᠨ ᠭᠦᠶᠯᠭᠡᠭᠡᠨ ᠤ ᠲᠦᠭᠰᠢᠭᠦᠷᠢ ᠶᠢ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠣᠯᠠᠨ ᠲᠦᠮᠡᠨ ᠤ 《 ᠵᠣᠭᠤᠰᠣᠨ ᠴᠦᠩᠬᠦ 》 ᠶᠢ ᠰᠠᠶᠢᠲᠤᠷ ᠬᠠᠮᠠᠭᠠᠯᠠᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号