2022 ᠣᠨ ᠤ ᠭᠤᠤᠯᠳᠠᠯᠭ᠎ᠠ ᠲᠠᠢ ᠠᠵᠢᠯ ( ᠲᠠᠪᠤ )
ᠨᠡᠶᠢᠲᠡᠯᠡᠭᠰᠡᠨ ᠴᠠᠭ᠄
2022/12/27
  ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠳᠡᠢ᠃ ᠲᠥᠪ ᠤᠨ ᠨᠠᠢᠮᠠᠨ ᠲᠣᠭᠲᠠᠭᠠᠯ ᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭᠠᠳᠬᠠᠨ᠂ ᠤᠯᠤᠰ ᠲᠦᠷᠦ  ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ 《 ᠲᠦᠷᠪᠡᠨ ᠤᠬᠠᠮᠰᠠᠷ 》 ᠢ ᠴᠢᠩᠭᠠᠳᠬᠠᠨ᠂ 《 ᠲᠦᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠬᠦᠯᠦᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠳᠡᠢ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠪᠠ ᠨᠡᠶᠢᠭᠡᠮ ᠤᠨ ᠠᠮᠤᠷ ᠲᠣᠭᠲᠠᠭᠤᠨ ᠤ ᠲᠠᠯ᠎ᠠ ᠪᠠᠷ ᠬᠢ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠯᠳᠠ ᠶᠢᠨ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠬᠠᠤᠯᠢ ᠴᠠᠭᠠᠵᠠ᠂ ᠬᠢᠨᠠᠨ ᠪᠣᠳᠣᠯᠲᠠ᠂ ᠶᠠᠷᠢᠶ᠎ᠠ ᠬᠡᠯᠡᠯᠴᠡᠭᠡ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠦᠢᠴᠡᠳᠭᠡᠬᠦ ᠠᠵᠢᠯ ᠢ ᠴᠢᠨᠠᠷᠯᠢᠭ ᠰᠠᠶᠢᠨ ᠬᠢᠨ᠎ᠡ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠳᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠤᠨ ᠡᠩᠨᠡᠭᠡᠨ ᠳᠠᠬᠢ ᠬᠤᠩᠰᠢᠶᠠᠷ ᠨᠢ ᠬᠦᠳᠡᠯᠦᠬᠡᠳ ᠬᠤᠷᠤᠭᠤ ᠨᠢ ᠬᠦᠳᠡᠯᠬᠦ ᠦᠭᠡ᠊᠂ ᠠᠪᠯᠢᠭᠠᠯᠠᠵᠤ ᠱᠠᠮᠰᠢᠬᠤ ᠴᠤ ᠦᠭᠡᠢ ᠠᠵᠢᠯ ᠬᠢᠬᠦ ᠴᠤ ᠦᠭᠡᠢ᠂ ᠬᠦᠮᠦᠨ ᠤ ᠬᠢᠬᠦ ᠶᠢ ᠬᠠᠷᠠᠵᠤ ᠰᠠᠭᠤᠭᠠᠳ ᠬᠦᠯᠦᠰᠦ ᠬᠦᠴᠦ ᠭᠠᠷᠭᠠᠬᠤ ᠦᠬᠡᠢ᠂  ᠬᠠᠷᠠᠭᠠᠯᠵᠠᠯ ᠢᠶᠠᠨ ᠦᠯᠢᠳᠭᠡᠭᠡᠳ ᠬᠠᠷᠢᠭᠤᠴᠠᠯᠭ᠎ᠠ ᠪᠠᠨ ᠡᠭᠦᠷᠭᠡᠯᠡᠬᠦ ᠦᠭᠡᠢ᠂ ᠰᠠᠶᠢᠨ ᠬᠦᠮᠦᠨ ᠪᠤᠯᠵᠤ ᠭᠡᠷᠡᠭ ᠤᠴᠢᠷ ᠠᠴᠠ ᠵᠠᠶᠢᠯᠠᠬᠤ᠂ ᠡᠮᠦᠨ᠎ᠡ ᠨᠢ ᠮᠠᠭᠳᠠᠵᠤ ᠬᠤᠶᠢᠨ᠎ᠠ ᠨᠢ ᠮᠠᠭᠤᠯᠠᠬᠤ ᠵᠡᠷᠭᠡ ᠮᠠᠭᠤ ᠮᠠᠭᠤᠬᠠᠢ ᠤᠪᠤᠷ ᠰᠤᠷᠳᠠᠯ ᠢ ᠡᠷᠡᠰ ᠴᠡᠭᠴᠡᠯᠡᠵᠦ᠂ ᠵᠠᠰᠠᠭ ᠤᠨ ᠰᠤᠷᠳᠠᠯ ᠢ ᠰᠠᠶᠢᠵᠢᠷᠠᠭᠤᠯᠤᠨ᠂ ᠠᠷᠠᠳ ᠤᠨ ᠰᠡᠳᠬᠢᠯ ᠢ ᠤᠯᠤᠨ᠎ᠠ᠃ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠤ ᠭᠡᠷᠡᠭᠳᠡᠢ᠃ ᠬᠥᠭᠵᠢᠯᠲᠡ ᠪᠠᠷ ᠠᠮᠵᠢᠯᠳᠠ ᠶᠢ ᠦᠨᠡᠯᠡᠬᠦ᠂ ᠠᠮᠵᠢᠯᠲᠠ ᠪᠠᠷ ᠵᠢᠳᠬᠦᠯ ᠢ ᠦᠨᠡᠯᠡᠬᠦ ᠶᠢ ᠪᠠᠷᠢᠮᠲᠠᠯᠠᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠨ᠂ ︽ᠪᠤᠤᠬᠢᠶ᠎ᠠ ᠲᠠᠮᠵᠢᠭᠤᠯᠭ᠎ᠠ︾ ᠶᠢ ᠢᠮᠠᠭᠲᠠ ᠲᠤᠤᠱᠯᠠᠭᠤᠯᠵᠤ᠂ ᠨᠢᠭᠡ ᠰᠡᠳᠬᠢᠯ ᠢᠶᠠᠷ ᠬᠥᠭᠵᠢᠯᠲᠡ ᠶᠢ ᠠᠳᠬᠤᠨ᠂ ᠪᠦᠬᠦ ᠵᠣᠷᠢᠭ ᠢᠶᠠᠷ ᠪᠦᠳᠦᠭᠡᠨ ᠪᠠᠶᠢᠭᠤᠯᠤᠯᠲᠠ ᠬᠢᠵᠦ᠂ ᠤᠯᠤᠰ ᠤᠨ ᠦᠮᠴᠢᠯᠡᠯᠳᠦ ᠠᠵᠤ ᠠᠬᠤᠶᠢᠯᠠᠯ  ᠤᠨ ᠠᠵᠢᠯ ᠤᠨ ᠪᠦᠲᠦᠮᠵᠢ ᠶᠢᠨ ᠬᠢᠨᠠᠨ ᠰᠢᠯᠭᠠᠯᠳᠠ ᠶᠢ ᠴᠢᠩᠭᠠᠳᠬᠠᠨ᠂ ︽ᠰᠢᠨ᠎ᠡ ᠲᠠᠷᠤᠭ᠎ᠠ ᠡᠷᠬᠡᠪᠰᠢ ᠬᠠᠭᠤᠴᠢᠨ ᠲᠠᠩᠰᠠ ᠶᠢ ᠬᠠᠮᠢᠶᠠᠷᠬᠤ︾ ᠡᠬᠦᠷᠭᠡ ᠬᠠᠷᠢᠭᠤᠴᠠᠯᠭ᠎ᠠ ᠶᠢ ᠡᠷᠡᠰ ᠪᠡᠶᠡᠯᠡᠭᠦᠯᠵᠦ᠂ ᠵᠠᠰᠠᠭ ᠤᠨ ᠣᠷᠳᠣᠨ ᠤ ᠢᠳᠡᠭᠡᠯ ᠨᠠᠶᠢᠳᠠᠪᠤᠷᠢ ᠶᠢ ᠤᠯᠠᠮ ᠨᠡᠮᠡᠭᠳᠡᠬᠦᠯᠦᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号