ᠯᠦᠸᠧ ᠲᠦᠸᠧ ᠱᠠᠨ ᠪᠠᠯᠭᠠᠰᠤ ᠬᠤᠷᠠᠯ ᠬᠢᠵᠦ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2022/12/4
  12 ᠰᠠᠷ᠎ᠠ ᠶᠢᠨ 1 ᠤ ᠡᠳᠦᠷ᠂ ᠯᠥᠸᠧ ᠲᠦᠸᠧ ᠱᠠᠨ ᠪᠠᠯᠭᠠᠰᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠢᠵᠦ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠯᠢ ᠶᠦᠨ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠠᠩᠰᠠ ᠮᠡᠳᠡᠭᠦᠯᠦᠭᠴᠢ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠸᠧᠨ ᠯᠢ ᠭᠠᠩ ᠠᠴᠠ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠱᠠᠭᠠᠷᠳᠠᠨ ᠪᠠᠶᠢᠴᠠᠭᠠᠭᠰᠠᠨ ᠪᠠᠶᠢᠳᠠᠯ ᠢ ᠨᠡᠶᠢᠳᠡᠯᠡᠨ ᠮᠡᠳᠡᠭᠳᠡᠭᠰᠡᠨ ᠪᠥᠭᠡᠳ ᠭᠠᠳᠠᠨ᠎ᠠ ᠠᠴᠠ ᠢᠷᠡᠬᠦ ᠬᠥᠮᠥᠰ ᠢ ᠡᠵᠡᠮᠳᠡᠨ ᠬᠠᠮᠢᠶᠠᠷᠬᠤ ᠵᠢᠴᠢ ᠠᠵᠤ ᠠᠬᠤᠶᠢᠯᠠᠯ ᠬᠦᠷᠢᠶᠡᠯᠡᠩ ᠲᠣᠭᠤᠷᠢᠭ ᠤᠨ ᠲᠠᠯᠠᠪᠤᠷ ᠤᠨ ᠺᠤᠳ᠋ ᠬᠡᠷᠡᠭᠯᠡᠬᠦ ᠠᠵᠢᠯ ᠵᠡᠷᠭᠡ ᠳᠤ ᠪᠠᠶᠢᠷᠢᠯᠠᠭᠤᠯᠤᠯᠲᠠ ᠬᠢᠪᠡ᠃ ᠪᠠᠯᠭᠠᠰᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠭᠡᠰᠢᠭᠦᠨ ᠦ᠋ ᠲᠤᠸ ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ︽ᠭᠤᠷᠪᠠᠨ ᠬᠤᠷᠠᠯ ᠨᠢᠭᠡ ᠬᠢᠴᠢᠶᠡᠯ︾᠂  ︽ᠲᠠᠪᠤᠨ ᠬᠦᠴᠦᠷᠬᠡᠭ ᠨᠠᠮ ᠤᠨ ᠡᠭᠦᠷ︾ ᠤᠨ  ᠡᠷᠡᠮᠡᠯᠵᠡᠯᠡᠨ ᠮᠡᠳᠡᠬᠦᠯᠬᠦ ᠠᠵᠢᠯ ᠵᠢᠴᠢ ᠣᠳᠣᠨ ᠲᠠᠰ ᠤᠨ ᠬᠠᠮᠢᠶᠠᠷᠤᠯᠲᠠ ᠵᠡᠷᠭᠡ ᠡᠯ᠎ᠡ  ᠲᠦᠷᠦᠯ ᠤᠨ ᠠᠵᠢᠯ ᠤᠨ ᠲᠠᠩᠰᠠ ᠡᠪᠬᠡᠮᠡᠯ ᠤᠨ ᠲᠠᠯ᠎ᠠ ᠪᠠᠷ  ᠲᠠᠬᠢᠨᠳᠠ ᠪᠠᠶᠢᠷᠢᠯᠠᠭᠤᠯᠤᠯᠲᠠ ᠬᠢᠭᠰᠡᠨ ᠤ ᠬᠠᠮᠳᠤ ᠡᠯ᠎ᠡ ᠲᠣᠰᠬᠤᠨ ᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ  ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂  ᠵᠦᠷᠢᠶ᠎ᠡ ᠳᠤᠲᠠᠭᠳᠠᠯ   ᠢᠶᠠᠨ ᠪᠠᠶᠢᠴᠠᠭᠠᠨ ᠨᠥᠬᠦᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃  ᠳᠡᠳ᠋ ᠪᠠᠯᠭᠠᠰᠤᠨ ᠳᠠᠷᠤᠭ᠎ᠠ ᠦ᠋ ᡁᠢ ᠸᠧᠢ ᠠᠴᠠ 2022 ᠣᠨ ᠤ  ᠵᠣᠷᠯᠣᠩ ᠤᠨ ᠦᠬᠡᠷᠡᠴᠢᠯᠡᠯᠳᠡ ᠶᠢᠨ ᠲᠠᠩᠰᠠ ᠡᠪᠬᠡᠮᠡᠯ ᠢ ᠲᠡᠭᠦᠯᠳᠡᠷᠵᠢᠭᠦᠯᠬᠦ  ᠠᠵᠢᠯ ᠪᠠ ᠰᠢᠯᠭᠠᠨ ᠠᠪᠬᠤ ᠪᠠᠷᠢᠮᠵᠢᠶᠠᠨ ᠤ ᠲᠤᠬᠠᠢ ᠲᠠᠶᠢᠯᠤᠮᠵᠢ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ  ᠵᠣᠷᠯᠣᠩ ᠤᠨ ᠦᠬᠡᠷᠡᠴᠢᠯᠡᠯᠳᠡ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠦ᠂ ᠳᠡᠳ᠋ ᠳᠠᠷᠤᠭ᠎ᠠ ᠪᠠᠯᠭᠠᠰᠤᠨ ᠶᠤᠸᠠᠨ ᠰᠢᠶᠣᠣ ᠳ᠋ᠦᠩ ᠠᠴᠠ ᠠᠶᠤᠯᠭᠦᠢ ᠤᠰᠤ ᠤᠮᠳᠠ᠂   ᠲᠦᠮᠦᠰᠦᠨ ᠤ ᠵᠤᠭᠤᠷᠢ  ᠶᠢᠨ ᠬᠠᠮᠢᠶᠠᠷᠤᠯᠳᠠ ᠵᠢᠴᠢ ᠬᠦᠷᠢᠶᠡᠯᠡᠩ ᠲᠣᠭᠤᠷᠢᠭ ᠤᠨ ᠭᠠᠳᠠᠨ᠎ᠠ ᠠᠴᠠ ᠢᠷᠡᠭᠰᠡᠳ ᠢ ᠬᠠᠮᠢᠶᠠᠷᠤᠨ ᠡᠵᠡᠮᠳᠡᠬᠦ ᠠᠵᠢᠯ ᠳᠤ ᠪᠠᠶᠢᠷᠢᠯᠠᠭᠤᠯᠤᠯᠲᠠ ᠬᠢᠪᠡ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠶᠠᠷᠢᠶᠠᠨ ᠳᠠᠭᠠᠨ᠂   ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠰᠬᠤᠨ ᠤ  ᠺᠠᠳ᠋ᠷ ᠤᠨ  ᠬᠦᠮᠦᠨ ᠲᠠᠨᠢᠵᠤ ᠭᠠᠵᠠᠷ ᠮᠡᠳᠡᠬᠦ ᠳᠠᠪᠠᠭᠤᠯᠢᠭ ᠢ ᠪᠠᠳᠠᠷᠠᠭᠤᠯᠤᠨ᠂ ᠭᠤᠣᠯᠳᠠᠯᠭ᠎ᠠ ᠲᠠᠢ ᠭᠠᠵᠠᠷ ᠣᠷᠣᠨ   ᠠᠴᠠ ᠪᠤᠴᠠᠵᠤ ᠢᠷᠡᠭᠰᠡᠨ ᠬᠥᠮᠥᠰ ᠢ ᠵᠢᠬᠰᠠᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂  ᠭᠡᠰᠡᠭᠯᠡᠨ ᠳᠠᠭᠠᠭᠠᠴᠢᠯᠠᠭᠰᠠᠨ ᠤᠳᠤᠷᠢᠳᠤᠯᠭ᠎ᠠ ᠨᠠᠷ ᠲᠤᠯᠤᠭᠠᠶᠢᠯᠠᠵᠤ᠂  ᠠᠶᠤᠯᠬᠦᠢ ᠤᠰᠤ ᠤᠮᠳᠠ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ  ᠲᠦᠷᠦᠯ ᠤᠨ ᠠᠵᠢᠯ ᠢ ᠪᠦᠬᠦ ᠬᠦᠴᠦᠨ ᠢᠶᠠᠷ ᠥᠨᠳᠥᠷ ᠪᠦᠲᠦᠮᠵᠢᠲᠡᠢ ᠠᠬᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠠᠷᠭ᠎ᠠ ᠠᠪᠴᠢᠯ ᠢᠶᠠᠷ ᠤᠯᠤᠰ᠂  ᠣᠷᠣᠨ ᠤ  ᠬᠢᠨᠠᠯᠳᠠ ᠰᠢᠯᠭᠠᠯᠳᠠ ᠶᠢ ᠤᠭᠳᠤᠬᠤ ᠪᠠᠷ ᠪᠡᠯᠡᠳᠬᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号