ᠬᠦᠨᠪᠤᠯᠠᠭ ᠰᠤᠮᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠬᠤᠷᠠᠯ ᠬᠢᠭᠰᠡᠨ
ᠨᠡᠶᠢᠲᠡᠯᠡᠭᠰᠡᠨ ᠴᠠᠭ᠄
2022/12/4
  12 ᠰᠠᠷ᠎ᠠ ᠶᠢᠨ 2  ᠤᠨ ᠡᠳᠦᠷ ᠬᠦᠨᠪᠤᠯᠠᠭ ᠰᠤᠮᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠰᠤᠮᠤᠨ ᠤ ᠤᠳᠤᠷᠢᠳᠬᠤ ᠪᠠᠭ ᠤᠨ  ᠭᠡᠰᠢᠬᠦᠳ ᠪᠠ ᠭᠠᠴᠠᠭᠠᠨ ᠤ ︽ᠬᠤᠶᠠᠷ ᠵᠥᠪᠯᠡᠯ︾ ᠤᠨ ᠭᠡᠰᠢᠬᠦᠳ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ ᠬᠤᠷᠢᠳᠤᠭᠠᠷ ᠶᠡᠭᠡ ᠬᠤᠷᠠᠯ ᠤᠨ ᠠᠵᠢᠯ ᠤᠨ ᠢᠯᠡᠳᠬᠡᠯ ᠤᠨ ᠪᠦᠬᠦ ᠠᠭᠤᠯᠭ᠎ᠠ ᠶᠢ ᠰᠢᠰᠲ᠋ᠧᠮ ᠲᠠᠢ ᠲᠠᠶᠢᠯᠪᠤᠷᠢᠯᠠᠵᠤ᠂ ᠬᠤᠷᠢᠳᠤᠭᠠᠷ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠪᠠ ᠪᠠᠶᠠᠯᠢᠭ ᠠᠭᠤᠯᠤᠭᠳᠠᠬᠤᠨ ᠵᠢᠴᠢ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠲᠠᠶᠢᠯᠪᠤᠷᠢᠯᠠᠭᠰᠠᠨ ᠪᠥᠭᠡᠳ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ  ᠶᠢᠨ ᠲᠣᠭᠤᠷᠢᠨ ᠳᠤ ᠪᠣᠳᠠᠲᠠᠢ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠢ᠃  ᠨᠠᠮ ᠤᠨ ᠬᠤᠷᠢᠶᠠᠨ ᠤ ᠱᠦᠵᠢ ᠣᠷᠭᠢᠯ ᠬᠤᠷᠠᠯ ᠡᠷᠬᠢᠯᠡᠬᠦ ᠶᠠᠷᠢᠶᠠᠨ ᠳᠠᠭᠠᠨ᠂  ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃  ᠡᠯ᠎ᠡ ᠨᠠᠮ ᠤᠨ ᠡᠭᠦᠷ ᠨᠢ ᠰᠤᠷᠤᠯᠴᠠᠬᠤ ᠲᠥᠯᠥᠪᠯᠡᠭᠡ ᠲᠣᠭᠲᠠᠭᠠᠵᠤ᠂ ᠰᠤᠷᠤᠯᠴᠠᠬᠤ ᠠᠷᠭ᠎ᠠ  ᠪᠠᠷᠢᠯ ᠢᠶᠠᠨ ᠨᠠᠷᠢᠯᠢᠭᠵᠢᠭᠤᠯᠤᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠨᠠᠷᠢᠨ ᠨᠢᠮᠪᠡᠢ ᠰᠤᠷᠤᠯᠴᠠᠭᠤᠯᠤᠨ  ᠂ ᠲᠡᠷᠡ ᠬᠡᠪ ᠢᠶᠠᠷ ᠨᠢ ᠰᠤᠷᠤᠯᠴᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠭᠡᠰᠢᠭᠦᠨ ᠨᠢᠭᠡᠪᠦᠷᠢ ᠳᠤ ᠦᠳᠲᠡᠷ ᠲᠦᠷᠭᠡᠨ ᠤᠯᠠᠮᠵᠢᠯᠠᠵᠤ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠲᠣᠳᠣᠷᠬᠠᠢ ᠲᠠᠶᠢᠯᠪᠤᠷᠢᠯᠠᠬᠤ ᠭᠡᠷᠡᠭᠳᠡᠢ᠃  ᠪᠦᠬᠦ  ᠰᠤᠮᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠭᠡᠨ᠂ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠤᠭᠤᠯᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ  ᠰᠠᠭᠤᠷᠢᠯᠠᠨ᠂ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠵᠤ᠂ ᠡᠯ᠎ᠡ ᠲᠦᠷᠦᠯ ᠤᠨ ᠠᠵᠢᠯ ᠤᠨ ᠦᠨᠡᠨ ᠪᠣᠳᠠᠲᠠᠢ ᠨᠠᠶᠢᠳᠠᠪᠤᠷᠢᠵᠢᠵᠤ ᠦᠷ᠎ᠡ ᠪᠦᠲᠦᠮᠵᠢ ᠣᠯᠬᠤ ᠶᠢ ᠪᠠᠳᠤᠯᠠᠨ᠂ ᠪᠦᠬᠦ ᠰᠤᠮᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ  ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号