ᠬᠤᠰᠢᠭᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ  ᠶᠢᠨ ᠲᠤᠭᠤᠷᠢᠨ ᠪᠠᠶᠢᠴᠠᠭᠠᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2022/12/5
 ᠬᠤᠰᠢᠭᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠤᠰᠤᠭᠠᠷ᠂  ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠶᠢᠹᠤᠰᠧ ᠬᠤᠰᠢᠭᠤᠨ ᠤ  ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠡᠭᠡᠯᠵᠢ   ᠶᠢᠨ 2 ᠲᠤᠭᠤᠷᠢᠨ ᠪᠠᠶᠢᠴᠠᠭᠠᠬᠤ ᠳᠤᠭᠤᠶᠢᠯᠠᠩ ᠨᠢ 12 ᠰᠠᠷ᠎ᠠ   ᠶᠢᠨ 2 ᠤᠨ ᠡᠳᠦᠷ  6  ᠪᠠᠶᠢᠴᠠᠭᠠᠭᠳᠠᠬᠤ ᠨᠢᠭᠡᠴᠡ ᠳᠤ ᠬᠦᠨᠵᠡᠬᠡᠶᠢᠷᠡᠵᠦ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂  ᠡᠯ᠎ᠡ ᠳᠤᠭᠤᠶᠢᠯᠠᠩ ᠤᠨ ᠳᠠᠷᠤᠭ᠎ᠠ   ᠠᠴᠠ  ᠲᠤᠰᠪᠤᠷᠢ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂  ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃ ᠬᠤᠷᠠᠯ ᠠᠴᠠ  ᠂  ᠲᠤᠭᠤᠷᠢᠨ ᠪᠠᠶᠢᠴᠠᠭᠠᠬᠤ ᠪᠣᠯ ᠨᠠᠮ ᠤᠨ ᠳᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ  ᠂ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ ᠴᠢᠬᠤᠯᠠ ᠠᠷᠭ᠎ᠠ ᠪᠠᠷᠢᠯ ᠮᠥᠨ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠬᠤᠶᠠᠷ ᠢ ᠬᠠᠮᠠᠭᠠᠯᠠᠬᠤ︾ ᠦᠨᠳᠦᠰᠦᠨ ᠡᠭᠦᠷᠭᠡ ᠲᠠᠢ ᠨᠢᠭᠲᠠ  ᠤᠶᠠᠯᠳᠤᠭᠤᠯᠤᠨ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠲᠤᠤᠱᠯᠠᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠶᠢ  ᠨᠠᠶᠢᠳᠠᠪᠤᠷᠢᠵᠢᠭᠤᠯᠤᠨ᠂ ᠤᠳᠤᠷᠢᠳᠬᠤ ᠪᠠᠭ ᠪᠣᠯᠣᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠢᠯᠡᠬᠦᠦ ᠠᠩᠬᠠᠷᠴᠤ᠂  ᠤᠯᠤᠰ ᠲᠦᠷᠦ ᠶᠢᠨ ᠵᠥᠷᠢᠶ᠎ᠡ ᠶᠢ ᠢᠯᠡᠷᠡᠬᠦᠯᠦᠨ᠂  ᠤᠯᠤᠰ ᠲᠦᠷᠦ ᠶᠢᠨ ᠬᠡᠯᠪᠡᠷᠢᠯ ᠢ ᠵᠠᠯᠠᠷᠠᠭᠤᠯᠵᠤ᠂   ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠭᠡᠷᠡᠭᠳᠡᠢ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂  ︽ᠭᠤᠷᠪᠠᠨ ᠠᠩᠬᠠᠷᠤᠯ︾ ᠤᠨ ᠲᠣᠭᠤᠷᠢᠨ ᠳᠤ᠂ ᠣᠷᠣᠰᠢᠵᠤ ᠪᠠᠶᠢᠭ᠎ᠠ ᠤᠯᠤᠰ ᠲᠦᠷᠦ ᠶᠢᠨ ᠠᠰᠠᠭᠤᠳᠠᠯ᠂ ᠬᠠᠷᠢᠭᠤᠴᠠᠯᠭ᠎ᠠ ᠶᠢᠨ ᠠᠰᠠᠭᠤᠳᠠᠯ᠂ ᠢᠯᠵᠢᠷᠡᠯ ᠤᠨ ᠠᠰᠠᠭᠤᠳᠠᠯ ᠪᠣᠯᠣᠨ ᠰᠤᠷᠲᠠᠯ ᠤᠨ ᠠᠰᠠᠭᠤᠳᠠᠯ ᠢ ᠭᠦᠨᠵᠡᠭᠡᠢ ᠡᠷᠢᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ᠂ ᠪᠦᠷᠢᠨᠰᠢᠬᠦᠯᠦᠨ ᠲᠡᠬᠦᠯᠳᠡᠷᠵᠢᠬᠦᠯᠵᠦ ᠠᠬᠢᠭᠤᠯᠤᠨ ᠬᠥᠭᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠭᠡᠷᠡᠭᠳᠡᠢ ᠬᠡᠵᠦ ᠴᠢᠬᠤᠯᠠᠴᠢᠯᠠᠵᠠᠢ᠃  ᠪᠠᠶᠢᠴᠠᠭᠠᠭᠳᠠᠵᠤ ᠪᠠᠶᠢᠭ᠎ᠠ ᠨᠢᠬᠡᠴᠡ ᠶᠢᠨ  ᠭᠤᠣᠯ ᠬᠠᠷᠢᠭᠤᠴᠠᠯᠭᠠᠲᠠᠨ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠨ᠂ ᠨᠠᠮ ᠤᠨ ᠦᠢᠯᠡᠰ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ  ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ  ᠲᠡᠯᠭᠡᠨ᠂  ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠳᠤ ᠢᠳᠡᠪᠬᠢᠲᠡᠢ ᠬᠠᠮᠵᠢᠯᠴᠠᠵᠤ᠂ ᠲᠤᠰ ᠡᠭᠡᠯᠵᠢ ᠶᠢᠨ  ᠲᠤᠭᠤᠷᠢᠨ ᠪᠠᠶᠢᠴᠠᠭᠠᠬᠤ ᠡᠭᠦᠷᠭᠡ  ᠶᠢ ᠰᠠᠶᠢᠲᠤᠷ  ᠪᠡᠶᠡᠯᠡᠬᠦᠯᠦᠨ᠎ᠡ ᠭᠡᠵᠦ  ᠢᠯᠡᠷᠬᠡᠶᠢᠯᠡᠭᠰᠡᠨ ᠪᠠᠶᠢᠨ᠎ᠠ᠃  ᠣᠶᠢᠯᠠᠭᠠᠭᠰᠠᠨ ᠢᠶᠠᠷ᠂  ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠴᠠᠭ ᠨᠢ 50 ᠡᠳᠦᠷ ᠣᠷᠴᠢᠮ ᠪᠠᠶᠢᠵᠤ᠂ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ 2023 ᠣᠨ ᠤ 1 ᠰᠠᠷ᠎ᠠ ᠶᠢᠨ 11 ᠤ ᠡᠳᠦᠷ ᠬᠦᠷᠦᠨ᠎ᠡ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠬᠠᠷᠢᠯᠴᠠᠬᠤ ᠤᠲᠠᠰᠤ᠂ ᠡᠯᠧᠺᠲᠷᠣᠨ ᠰᠢᠤᠳᠠᠨ ᠬᠠᠶᠢᠷᠴᠠᠭ ᠵᠡᠷᠭᠡ ᠶᠢ ᠲᠣᠬᠢᠷᠠᠭᠤᠯᠵᠤ᠂ ᠭᠤᠣᠯᠳᠠᠭᠤ ᠪᠠᠶᠢᠴᠠᠭᠠᠭᠳᠠᠵᠤ ᠪᠠᠶᠢᠭ᠎ᠠ ᠨᠢᠭᠡᠴᠡ  ᠶᠢᠨ ᠤᠳᠤᠷᠢᠳᠬᠤ ᠪᠠᠭ ᠵᠢᠴᠢ ᠲᠡᠭᠦᠨ ᠤ ᠭᠡᠰᠢᠬᠦᠳ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ  ᠤᠨ ᠲᠤᠬᠠᠢ ᠲᠤᠰᠬᠠᠭᠰᠠᠨ ᠵᠠᠬᠢᠳᠠᠯ᠂ ᠤᠲᠠᠰᠤ᠂ ᠰᠣᠷᠪᠤᠯᠵᠢᠯᠠᠭ᠎ᠠ ᠶᠢ ᠭᠥᠯᠢᠶᠡᠨ ᠠᠪᠴᠤ᠂  ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠤᠨ ᠲᠤᠬᠠᠢ  ᠮᠡᠳᠡᠭᠦᠯᠦᠯᠲᠡ ᠪᠠ ᠲᠤᠰᠬᠠᠯ   ᠢ ᠬᠦᠯᠢᠶᠡᠨ ᠠᠪᠬᠤ ᠪᠣᠯᠣᠨ᠎ᠠ᠃ ᠬᠠᠷᠢᠨ ᠭᠥᠯᠢᠶᠡᠨ ᠠᠪᠴᠤ ᠪᠠᠶᠢᠴᠠᠭᠠᠨ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠠᠰᠠᠭᠤᠳᠠᠯ ᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠨᠢᠬᠡᠴᠡ ᠳᠤ ᠲᠤᠰᠢᠶᠠᠵᠤ ᠰᠢᠢᠳᠪᠦᠷᠢᠯᠡᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号