ᠡᠵᠡᠩᠨᠡᠯᠲᠡ ᠶᠢᠨ ᠲᠠᠯᠠᠪᠤᠷ ᠤᠨ ᠬᠢᠵᠢᠭ ᠰᠡᠷᠭᠡᠶᠢᠯᠡᠯᠳᠡ ᠶᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/12/5
ᠡᠯ᠎ᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠳᠤ᠄   ᠤᠳᠤᠬᠠᠨ ᠤ ᠬᠢᠵᠢᠭ ᠤᠨ ᠪᠠᠶᠢᠳᠠᠯ ᠢ ᠦᠨᠳᠦᠰᠦᠯᠡᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠦᠪᠰᠢᠶᠡᠷᠡᠯ ᠢ ᠠᠪᠴᠤ᠂ ᠮᠠᠨ ᠤ ᠬᠤᠰᠢᠭᠤᠨ ᠤ ᠬᠠᠷᠢᠶᠠᠨ ᠳᠠᠬᠢ ᠬᠡᠰᠡᠭ  ᠡᠵᠡᠩᠨᠡᠯᠲᠡ ᠶᠢᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠣᠣᠷᠠᠬᠢ ᠮᠡᠲᠦ ᠱᠠᠭᠠᠷᠳᠠᠯᠭ᠎ᠠ ᠶᠢ ᠭᠠᠷᠭᠠᠪᠠ᠄     ᠨᠢᠭᠡ᠂ ᠲᠣᠰ ᠡᠳᠦᠷ ᠠᠴᠠ ᠡᠬᠢᠯᠡᠨ᠂ ᠬᠤᠭᠤᠯᠠᠨ ᠭᠡᠷ ᠤᠳ ᠲᠢᠩᠬᠢᠮ ᠤᠨ ᠦᠢᠯᠡᠴᠢᠯᠡᠭᠡ ᠬᠠᠩᠭᠠᠵᠤ ᠪᠣᠯᠬᠤ ᠦᠭᠡᠢ᠂  ᠬᠤᠭᠤᠯᠠ  ᠪᠤᠳᠠᠭ᠎ᠠ ᠶᠢ  ᠵᠠᠬᠢᠶᠠᠯᠠᠨ ᠬᠦᠷᠬᠡᠬᠦ  ᠪᠤᠶᠤ ᠦᠪᠡᠷᠳᠡᠭᠡᠨ ᠢᠷᠡᠵᠦ ᠠᠪᠠᠴᠢᠨ᠎ᠠ  ᠃    ᠬᠤᠶᠠᠷ᠂ 500 ᠬᠠᠪᠳᠠᠭᠠᠢ ᠲᠦᠷᠪᠡᠯᠵᠢᠨ ᠮᠧᠲᠷ ᠠᠴᠠ ᠲᠡᠭᠡᠭᠰᠢ ᠲᠠᠯᠠᠪᠠᠢ ᠪᠦᠬᠦᠢ ᠲᠣᠮᠣ ᠳᠤᠮᠳᠠ ᠬᠡᠯᠪᠡᠷᠢ ᠶᠢᠨ ᠳᠡᠯᠭᠡᠭᠦᠷ ᠬᠤᠳᠠᠯᠳᠤᠭ᠎ᠠ ᠪᠣᠯ ᠴᠠᠭ ᠬᠤᠪᠢᠶᠠᠵᠤ ᠬᠦᠮᠦᠨ ᠲᠤᠭ᠎ᠠ ᠶᠢ ᠬᠢᠵᠠᠭᠠᠷᠯᠠᠬᠤ ᠠᠷᠭ᠎ᠠ ᠪᠠᠷ ᠡᠵᠡᠩᠨᠡᠨ᠎ᠡ ︵  ᠯᠠᠪᠯᠠᠬᠤ ᠪᠠᠷᠢᠮᠵᠢᠶ᠎ᠠ ᠨᠢ᠄ 10 ᠬᠥᠮᠥᠨ / 1000 ㎡︶᠂ ᠪᠤᠰᠤᠳ ᠵᠢᠵᠢᠭ ᠬᠡᠯᠪᠡᠷᠢ ᠶᠢᠨ ᠳᠡᠯᠭᠡᠭᠦᠷ  ᠬᠤᠳᠠᠯᠳᠤᠭ᠎ᠠ ᠨᠢ ᠪᠦᠷ ᠤᠶᠢᠷᠠᠳᠴᠤ ᠬᠦᠷᠦᠯᠴᠡᠬᠦ ᠦᠭᠡᠢ ᠪᠠᠷᠠᠭ᠎ᠠ ᠬᠤᠳᠠᠯᠳᠤᠬᠤ ᠠᠷᠭ᠎ᠠ ᠶᠢ ᠠᠪᠴᠤ᠂ ᠵᠣᠴᠢᠳ ᠳᠡᠯᠭᠡᠭᠦᠷ ᠲᠤ  ᠤᠷᠤᠬᠤ ᠦᠬᠡᠢ ᠪᠠᠷ  ᠡᠭᠦᠳᠡᠨ ᠭᠠᠳᠠᠨ᠎ᠠ ᠠᠴᠠ ᠺᠣᠳ᠋ ᠰᠢᠷᠪᠢᠵᠦ ᠲᠣᠭᠠᠴᠠᠭ᠎ᠠ ᠬᠢᠨ᠎ᠡ᠃     ᠭᠤᠷᠪᠠ᠂  ᠢᠯᠢᠵᠦ ᠨᠤᠬᠤᠯᠠᠬᠤ ᠭᠠᠵᠠᠷ᠂  ᠪᠡᠶ᠎ᠡ ᠤᠬᠢᠶᠠᠬᠤ ᠭᠠᠵᠠᠷ ᠤᠨ ᠡᠵᠡᠩᠨᠡᠯᠲᠡ ᠶᠢ ᠲᠦᠷ ᠵᠣᠭᠰᠣᠭᠠᠵᠤ᠂ ᠡᠵᠡᠩᠨᠡᠯᠲᠡ ᠰᠡᠷᠭᠦᠭᠡᠬᠦ ᠪᠣᠳᠠᠲᠠᠢ ᠴᠠᠭ ᠢ ᠬᠢᠵᠢᠭ ᠤᠨ ᠪᠠᠶᠢᠳᠠᠯ ᠢ ᠦᠵᠡᠵᠦ ᠲᠠᠬᠢᠨ ᠮᠡᠳᠡᠭᠳᠡᠨ᠎ᠡ᠃     ᠳᠡᠭᠡᠷ᠎ᠡ ᠳᠤᠷᠠᠳᠤᠭᠰᠠᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠨᠢ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ ᠭᠡᠷᠡᠭᠳᠡᠢ᠃ ᠵᠠᠷᠯᠠᠯ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠭᠰᠡᠨ ᠦᠭᠡᠢ ᠡᠵᠡᠩᠨᠡᠯᠳᠡ ᠶᠢᠨ ᠡᠷᠦᠬᠡ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠠᠵᠢᠯ ᠢ ᠨᠢ ᠵᠣᠭᠰᠣᠭᠠᠨ ᠴᠡᠭᠴᠡᠯᠡᠨ᠎ᠡ᠃                            ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ                ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                           2022 ᠣᠨ ᠤ 12 ᠰᠠᠷ᠎ᠠ ᠶᠢᠨ 5 ᠤ ᠡᠳᠦᠷ    
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号