ᠲᠠᠶᠢᠹᠤᠰᠧ ᠬᠤᠰᠢᠭᠤᠨ ᠤ ᠺᠠᠳ᠋ᠷ ᠤᠯᠠᠨ ᠲᠦᠮᠡᠨ ᠵᠢᠶᠠᠩ ᠽᠧ ᠮᠢᠨ ᠨᠥᠬᠦᠷ ᠢ ᠡᠮᠭᠡᠨᠢᠨ ᠭᠠᠰᠢᠭᠤᠳᠠᠪᠠ
ᠨᠡᠶᠢᠲᠡᠯᠡᠭᠰᠡᠨ ᠴᠠᠭ᠄
2022/12/7
 ᠠᠭᠤᠯᠠ ᠤᠰᠤ ᠤᠶᠠᠷᠠᠨ ᠬᠠᠶᠢᠯᠠᠵᠤ᠂ ᠤᠯᠤᠰ ᠳᠠᠶᠠᠭᠠᠷ ᠡᠮᠭᠡᠨᠢᠨ ᠭᠠᠰᠢᠭᠤᠳᠠᠨ᠎ᠠ᠃ 12 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠲᠠᠶᠢᠹᠤᠰᠧ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠬᠤᠷᠠᠯ ᠤᠨ ᠠᠬᠤᠢ ᠲᠠᠯᠠᠪᠠᠶ ᠶᠢᠨ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ  ᠦᠵᠡᠭᠰᠡᠨ ᠪᠠᠶᠢᠨ᠎ᠠ᠃ ᠵᠠᠰᠠᠭ ᠵᠠᠬᠢᠷᠭᠠᠨ ᠤ ᠲᠥᠪ ᠤᠨ ᠬᠤᠷᠠᠯ ᠤᠨ ᠭᠡᠷ ᠲᠤ ᠵᠤᠤ ᠹᠧᠢ  ᠫᠧᠩ᠂ ᠯᠢ ᠵᠠᠨ ᠷᠦᠢ᠂ ᠴᠧᠨ ᠶᠠᠨ ᠪᠦᠦ᠂ ᠶᠠᠩ ᠶᠢᠨ ᠮᠢᠩ ᠵᠡᠷᠭᠡ ᠳᠦᠷᠪᠡᠨ ᠶᠡᠭᠡ ᠤᠨ ᠤᠳᠤᠷᠢᠳᠤᠯᠭ᠎ᠠ ᠬᠠᠮᠳᠤ ᠪᠠᠷ ᠭᠠᠰᠢᠭᠤᠳᠠᠯ ᠤᠨ ᠬᠤᠷᠠᠯ ᠤᠨ ᠠᠬᠤᠢ ᠲᠠᠯᠠᠪᠠᠢ ᠶᠢᠨ ᠰᠢᠭᠤᠳ ᠨᠡᠪᠲᠡᠷᠡᠭᠦᠯᠭᠡ ᠶᠢ ᠦᠵᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠡᠯᠡᠭᠰᠡᠨ ᠭᠠᠰᠢᠭᠤᠳᠠᠯ ᠤᠨ ᠦᠭᠡ ᠶᠢ ᠨᠠᠷᠢᠨ ᠬᠢᠨᠠᠮᠠᠭᠠᠢ ᠰᠣᠨᠣᠰᠴᠤ᠂ ᠬᠦᠨᠳᠦᠲᠦ ᠬᠠᠶᠢᠷᠠᠲᠤ ᠵᠢᠶᠠᠩ  ᠽᠧ ᠮᠢᠨ ᠨᠥᠬᠦᠷ ᠢ ᠡᠮᠭᠡᠨᠢᠨ ᠭᠠᠰᠢᠭᠤᠳᠠᠪᠠ᠃  ᠨᠠᠮᠠᠨᠴᠢᠯᠠᠨ ᠭᠠᠰᠢᠭᠤᠳᠠᠬᠤ ᠦᠶ᠎ᠡ ᠳᠤ᠂ ᠪᠦᠬᠦ ᠬᠥᠮᠥᠰ 3 ᠮᠢᠨᠦ᠋ᠲ ᠨᠠᠮᠠᠨᠴᠢᠯᠠᠨ ᠭᠠᠰᠢᠭᠤᠳᠠᠵᠤ᠂ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ 3 ᠮᠢᠨᠦ᠋ᠲ ᠲᠤᠤᠭᠠᠷᠭᠠᠨ᠂ ᠵᠢᠶᠠᠩ ᠽᠧ ᠮᠢᠨ ᠨᠥᠬᠦᠷ ᠲᠤ  ᠳᠡᠭᠡᠳᠦ ᠬᠦᠨᠳᠦᠳᠬᠡᠯ ᠪᠠ ᠭᠦᠨ ᠭᠠᠰᠢᠭᠤᠳᠠᠯ ᠢᠶᠠᠨ ᠢᠯᠡᠳᠬᠡᠵᠡᠢ᠃ ᠣᠶᠢᠷ᠎ᠠ ᠶᠢᠨ ᠡᠳᠦᠷ ᠤᠳ ᠲᠤ᠂ ᠲᠠᠶᠢᠹᠤᠰᠧ ᠬᠤᠰᠢᠭᠤᠨ ᠤ ᠺᠠᠳ᠋ᠷ ᠤᠯᠠᠨ ᠲᠦᠮᠡᠨ ᠬᠡᠬᠦᠳᠡᠭ ᠳᠦᠭᠦᠷᠡᠩ ᠬᠦᠨᠳᠦᠳᠬᠡᠯ ᠪᠠ ᠭᠠᠰᠢᠭᠤᠳᠠᠯ ᠤᠨ ᠰᠡᠳᠬᠢᠯᠭᠡ ᠶᠢ ᠡᠪᠦᠷᠯᠡᠵᠦ᠂ ᠡᠯ᠎ᠡ ᠵᠦᠢᠯ ᠤᠨ ᠠᠷᠭ᠎ᠠ ᠬᠡᠯᠪᠡᠷᠢ ᠪᠠᠷ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠮᠡᠳᠡᠭᠳᠡᠬᠦ ᠪᠢᠴᠢᠭ ᠢ ᠭᠥᠯᠢᠶᠡᠨ ᠠᠪᠴᠤ ᠦᠵᠡᠨ᠂ ᠵᠢᠶᠠᠩ ᠽᠧ ᠮᠢᠨ ᠨᠥᠬᠦᠷ ᠢ ᠭᠦᠨ᠎ᠡ ᠭᠠᠰᠢᠭᠤᠳᠠᠨ ᠳᠤᠷᠠᠰᠬᠠᠵᠤ᠂  ᠡᠯ᠎ᠡ ᠵᠦᠢᠯ ᠤᠨ ᠪᠣᠷᠣᠭᠵᠢᠭᠤᠨ ᠠᠷᠭ᠎ᠠ ᠬᠡᠯᠪᠡᠷᠢ ᠪᠠᠷ ᠡᠮᠬᠡᠨᠢᠯ ᠮᠥᠷᠥᠭᠡᠳᠦᠯ ᠢᠶᠠᠨ ᠢᠯᠡᠳᠬᠡᠭᠰᠡᠨ ᠪᠠᠶᠢᠨ᠎ᠠ᠃ ᠤᠯᠠᠨ ᠢᠶᠠᠷ ᠢᠶᠠᠨ ᠪᠦᠷ᠂ ᠡᠮᠭᠡᠨᠢᠯ   ᠢᠶᠠᠨ ᠬᠦᠴᠦᠨ ᠪᠣᠯᠭᠠᠵᠤ᠂ ᠵᠢᠶᠠᠩ ᠽᠧ ᠮᠢᠨ ᠨᠥᠬᠦᠷ ᠤᠨ ᠭᠡᠷᠢᠶᠡᠰ ᠵᠣᠷᠢᠭ ᠢ ᠵᠠᠯᠭᠠᠮᠵᠢᠯᠠᠨ᠂ ᠰᠢ ᠶᠢᠨ ᠫᠢᠩ ᠨᠥᠬᠦᠷ ᠢᠶᠠᠷ  ᠭᠤᠤᠯᠯᠠᠭᠴᠢ ᠪᠤᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠤᠬᠠᠮᠰᠠᠷ ᠠᠴᠠ ᠪᠠᠨ ᠪᠦᠯᠬᠦᠮᠳᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ  ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠨ᠎ᠡ ᠭᠡᠵᠦ ᠰᠠᠨᠠᠯ ᠨᠢᠭᠡᠲᠡᠢ ᠢᠯᠡᠷᠭᠡᠶᠢᠯᠡᠵᠡᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号