ᠬᠤᠩ ᠴᠢ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠬᠢᠷᠠᠭᠤᠯᠭ᠎ᠠ ᠶᠢᠨ ᠬᠤᠷᠠᠯ  ᠬᠢᠭᠰᠡᠨ
ᠨᠡᠶᠢᠲᠡᠯᠡᠭᠰᠡᠨ ᠴᠠᠭ᠄
2022/12/8
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 6  ᠤ ᠡᠳᠦᠷ ᠬᠤᠩ ᠴᠢ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠱᠦᠵᠢ ᠨᠠᠷ ᠬᠤᠷᠠᠯ ᠳᠤ ᠣᠷᠣᠯᠴᠠᠪᠠ᠃ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ ᠰᠢᠨ ᠱᠤ᠋ ᠴᠢᠶᠠᠩ ᠠᠴᠠ ᠣᠶᠢᠷ᠎ᠠ ᠶᠢᠨ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ᠂   ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠲᠠᠷᠢᠶᠠᠯᠠᠩ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠤᠬᠠᠢ  ᠪᠠᠶᠢᠷᠢᠯᠠᠭᠤᠯᠤᠯᠲᠠ ᠬᠢᠵᠦ᠂ ᠪᠦᠬᠦ ᠪᠠᠯᠭᠠᠰᠤ ᠪᠠᠷ ᠢᠶᠠᠨ  ᠦᠵᠡᠯ ᠰᠠᠨᠠᠭ᠎ᠠ ᠪᠠᠨ  ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠂ ᠣᠷᠣᠨ᠂ ᠠᠶᠢᠮᠠᠭ ᠤᠨ ᠬᠢᠨᠠᠨ ᠰᠢᠯᠭᠠᠯᠳᠠ ᠶᠢ ᠠᠮᠵᠢᠯᠳᠠᠳᠠᠢ ᠤᠭᠳᠤᠬᠤ ᠭᠡᠷᠡᠭᠳᠡᠢ ᠬᠡᠵᠦ ᠲᠠᠶᠢᠴᠢᠯᠠᠭᠰᠠᠨ ᠪᠠᠶᠢᠨ᠎ᠠ᠃ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠵᠢᠭᠠᠵᠤ ᠭᠠᠷᠭᠠᠬᠤ ᠳᠠᠭᠠᠨ᠂ ︽ᠲᠠᠪᠤᠨ ᠱᠠᠳᠤᠨ ᠤ ᠱᠦᠵᠢ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠳᠬᠤᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠴᠠ ᠳᠠᠬᠢ ︽ᠳᠥᠷᠪᠡ ᠶᠢ ᠦᠯᠦ ᠲᠠᠶᠠᠭᠳᠠᠬᠤ︾ ᠵᠡᠷᠭᠡ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠦᠢᠯᠡᠰ ᠤᠨ ᠬᠥᠭᠵᠢᠯᠲᠡ᠂ ᠣᠷᠴᠢᠨ ᠲᠣᠭᠤᠷᠢᠨ ᠤ ᠴᠡᠭᠴᠡᠯᠡᠯᠳᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠲᠠᠢ ᠴᠢᠩᠭ᠎ᠠ ᠬᠠᠷᠭᠤᠭᠤᠯᠤᠨ᠂ ᠳᠤᠲᠠᠭᠤᠳᠠᠯ ᠢ ᠪᠠᠶᠢᠴᠠᠭᠠᠨ ᠨᠥᠬᠦᠪᠦᠷᠢᠯᠡᠵᠦ  ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠪᠤᠢ ᠪᠤᠯᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠬᠡᠵᠡᠢ᠃ ᠬᠤᠷᠠᠯ ᠤᠨ ᠳᠠᠷᠠᠭ᠎ᠠ᠂ ᠳᠠᠭᠠᠳᠬᠠᠯ ᠤᠨ ᠺᠣᠮᠫᠠᠨᠢ ᠠᠴᠠ ᠶᠠᠳᠠᠭᠤᠷᠠᠯ ᠢ ᠰᠡᠷᠭᠡᠶᠢᠯᠡᠬᠦ ᠳᠠᠭᠠᠳᠬᠠᠯ ᠤᠨ ᠲᠤᠬᠠᠢ ᠲᠠᠶᠢᠯᠤᠮᠵᠢ ᠬᠢᠪᠡ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号