ᠠᠷᠪᠠᠨ ᠲᠠᠪᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ  ︵ᠬᠤᠶᠠᠷ︶
ᠨᠡᠶᠢᠲᠡᠯᠡᠭᠰᠡᠨ ᠴᠠᠭ᠄
2022/3/1
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠭᠰᠠᠨ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠠᠮᠤᠭ ᠤᠨ ᠶᠡᠭᠡ ᠤᠯᠤᠰ ᠲᠥᠷᠥ ᠶᠢᠨ ᠬᠠᠷᠢᠭᠤᠴᠠᠯᠭ᠎ᠠ᠂ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠬᠠᠮᠤᠭ ᠤᠨ ᠶᠡᠭᠡ ᠬᠥᠭᠵᠢᠯᠲᠡ ᠶᠢᠨ ᠠᠵᠠ ᠲᠣᠬᠢᠶᠠᠯ ᠪᠤᠯᠭᠠᠨ᠂ ᠣᠨᠢᠨ ᠳᠡᠭᠡᠷ᠎ᠡ  ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠡᠶᠢᠲᠡ 22 .2 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠤᠷᠤᠭᠤᠯᠤᠨ᠂ 122 ᠲᠦᠷᠦᠯ ᠤᠨ ᠶᠠᠳᠠᠭᠤ ᠶᠢ ᠲᠡᠳᠬᠦᠬᠦ ᠲᠥᠷᠥᠯ ᠵᠦᠶᠯ ᠢ ᠬᠡᠷᠡᠭᠵᠢᠭᠦᠯᠵᠦ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠢᠯᠡᠳᠲᠡ ᠰᠠᠶᠢᠵᠢᠷᠠᠭᠤᠯᠤᠨ᠂ 《 ᠬᠤᠶᠠᠷ ᠲᠤ ᠦᠯᠦ ᠵᠣᠪᠠᠭ᠋ᠤ᠂ ᠭᠤᠷᠪᠠ ᠶᠢ ᠵᠠᠪᠠᠯ ᠪᠠᠲᠤᠯᠠᠬᠤ 》 ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠪᠡ᠃ ᠪᠥᠬᠦ ᠬᠤᠰᠢᠭᠤᠨ ᠤ 73 ᠶᠠᠳᠠᠭᠤ ᠬᠦᠴᠢᠷᠳᠡᠯᠲᠡᠶ ᠲᠣᠰᠬᠤᠨ ᠪᠦᠬᠦᠨ ᠢᠶᠠᠷ ᠢᠶᠠᠨ ᠶᠠᠳᠠᠭᠤ ᠶᠢᠨ ᠡᠩᠨᠡᠭᠡ ᠠᠴᠠ ᠭᠠᠷᠴᠤ᠂ 9919 ᠡᠷᠦᠬᠡ 20837 ᠬᠥᠮᠦᠨ ᠠᠮᠠ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠠᠳ᠂ ᠤᠯᠤᠰ ᠤᠨ ᠲᠠᠰ  ᠤᠨ ᠶᠠᠳᠠᠭᠤ ᠬᠦᠴᠢᠷᠳᠡᠯᠲᠡᠶ ᠬᠤᠰᠢᠭᠤ ᠶᠢᠨ ᠮᠠᠯᠠᠭᠠᠢ ᠪᠠᠨ ᠠᠪᠴᠤ ᠬᠠᠶᠠᠵᠠᠢ᠃ 176 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠦᠬᠦᠨ ᠢᠶᠠᠷ ᠢᠶᠠᠨ 7 ᠲᠦᠮᠡᠨ ᠲᠥᠭᠦᠷᠢᠭ ᠢ ᠳᠠᠪᠠᠵᠤ᠂ ᠡᠭᠦᠨ ᠳᠤ 73 ᠭᠤᠤᠯᠳᠠᠯᠭ᠎ᠠ ᠲᠠᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ ᠪᠦᠷ 25 ᠲᠦᠮᠡᠨ ᠲᠥᠭᠦᠷᠢᠭ ᠢ ᠲᠠᠪᠠᠭᠠᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠮᠠᠨ ᠤ ᠬᠤᠰᠢᠭᠤᠨ ᠤ《 3 + 3 》 ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂《 ᠵᠠᠬᠢᠶᠠᠯᠠᠭ᠎ᠠ ᠶᠢᠨ ᠬᠡᠯᠪᠡᠷᠢᠳᠦ 》ᠠᠵᠤ ᠦᠶᠯᠡᠰ ᠢᠶᠠᠷ ᠣᠷᠣᠯᠭ᠎ᠠ ᠪᠠᠨ ᠨᠡᠮᠡᠭᠳᠡᠭᠦᠯᠬᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠡᠭ ᠲᠤᠭᠳᠠᠵᠤ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠳᠤᠷᠠᠯᠴᠠᠭ᠎ᠠ ᠵᠡᠷᠭᠡ ᠠᠷᠭ᠎ᠠ ᠲᠤᠷᠰᠢᠯᠭ᠎ᠠ ᠶᠢ ᠪᠥᠬᠦ ᠠᠶᠢᠮᠠᠭ ᠲᠤ ᠲᠡᠯᠭᠡᠷᠡᠬᠦᠯᠦᠬᠡᠳ᠂ ᠡᠯ᠎ᠡ ᠱᠠᠲᠤᠨ ᠤ ᠤᠳᠤᠷᠢᠳᠤᠯᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠪᠦᠷᠢᠨ ᠨᠤᠲᠠᠯᠠᠯᠲᠠ ᠶᠢ ᠤᠯᠪᠠ᠃ ᠬᠠᠲᠠᠭᠤᠵᠢᠯᠲᠠᠢ ᠴᠢᠷᠮᠠᠶᠢᠯᠭ᠎ᠠ ᠪᠠᠷ ᠲᠠᠮᠵᠢᠭᠠᠳ ᠪᠢᠳᠡ ᠬᠠᠷᠢᠴᠠᠯᠠᠰᠢᠭᠦᠢ ᠶᠠᠳᠠᠭᠤ ᠬᠦᠴᠢᠷᠳᠡᠯ ᠢ ᠨᠢᠬᠡᠨᠳᠡ ᠠᠷᠢᠯᠭᠠᠵᠤ᠂ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠯᠤᠭ᠎ᠠ ᠠᠯᠬᠤᠭ᠎ᠠ ᠨᠢᠬᠡᠳᠡᠢ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠣᠯᠠᠨ ᠲᠦᠮᠡᠨ ᠳᠤ ᠠᠮᠠᠯᠳᠠᠭᠰᠠᠨ ᠲᠥᠪ ᠴᠢᠩᠭ᠎ᠠ ᠠᠮᠠᠯᠠᠯᠲᠠ ᠪᠠᠨ ᠪᠡᠶᠡᠯᠡᠬᠦᠯᠵᠡᠢ᠃ ᠡᠨᠡ ᠬᠤᠭᠤᠴᠠᠭᠠᠨ ᠳᠤ᠂ ᠮᠠᠨ ᠤ ᠬᠤᠰᠢᠭᠤᠨ ᠤ 1 ᠬᠠᠮᠲᠤ᠂ 3 ᠬᠥᠮᠦᠨ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠱᠠᠩᠨᠠᠯ ᠬᠦᠬᠢᠬᠦᠯᠦᠯ ᠢ ᠬᠦᠷᠳᠡᠵᠦ᠂ 4 ᠬᠠᠮᠲᠤ᠂ 6 ᠬᠥᠮᠦᠨ ᠪᠥᠬᠦ ᠣᠷᠣᠨ ᠤ ᠱᠠᠩᠨᠠᠯ ᠬᠦᠬᠢᠬᠦᠯᠦᠯ ᠢ ᠬᠦᠷᠳᠡᠭᠰᠡᠨ ᠪᠠᠶᠢᠨ᠎ᠠ᠃ ᠡᠨᠡ ᠪᠣᠯ ᠲᠠᠶᠢᠹᠤᠰᠧ ᠬᠤᠰᠢᠭᠤᠨ ᠤ ᠲᠡᠦᠬᠡᠨ ᠳᠠᠬᠢ ᠠᠭᠤᠤ ᠶᠡᠭᠡ ᠠᠮᠵᠢᠯᠲᠠ ᠪᠦᠳᠦᠮᠵᠢ᠂ ᠬᠤᠰᠢᠭᠤ ᠲᠠᠶᠠᠭᠠᠷ ᠢᠶᠠᠨ ᠴᠢᠷᠮᠠᠶᠢᠵᠤ ᠠᠪᠴᠢᠷᠠᠭᠰᠠᠨ ᠢᠷᠠᠭᠤ ᠠᠯᠳᠠᠷ ᠦᠩᠭᠡ ᠭᠡᠷᠡᠯ ᠪᠠᠶᠢᠭ᠎ᠠ᠂ ᠪᠢᠳᠡ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠭᠠᠪᠰᠢᠭᠠᠶᠢᠯᠠᠨ ᠤᠷᠤᠯᠴᠠᠭᠰᠠᠨ ᠪᠦᠬᠦ ᠬᠦᠮᠦᠰ ᠲᠤ ᠬᠦᠨᠳᠦᠳᠬᠡᠯ ᠲᠡᠪᠰᠢᠬᠦᠯᠬᠦ ᠶᠤᠰᠤᠳᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号