ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ ᠰᠠᠶᠢᠨ ᠬᠥᠮᠥᠨ ᠷᠦᠩ ᠶᠠᠨ ᠴᠧᠩ | ᠷᠦᠩ ᠶᠠᠨ ᠴᠧᠩ᠂ ᠡᠷᠡᠭᠲᠡᠢ᠂ 31 ᠨᠠᠰᠤᠲᠠᠢ᠂ ᠲᠠᠶᠢᠹᠤᠰᠧ ᠬᠤᠰᠢᠭᠤᠨ ᠤ ︽ᠬᠤᠨ ᠭᠠᠯᠠᠭᠤ︾ | ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠳᠠᠷᠤᠭ᠎ᠠ᠂ 2011 ᠣᠨ ᠳᠤ ᠪᠡᠭᠡᠵᠢᠩ ᠬᠤᠲᠠ ᠶᠢᠨ ᠦᠨ᠎ᠡ ᠲᠥᠯᠥᠪᠦᠷᠢ | ᠦᠭᠡᠢ ᠴᠢᠰᠤ ᠬᠠᠨᠳᠢᠪᠯᠡᠬᠤ ᠰᠠᠶᠢᠨ ᠲᠤᠷᠠᠳᠠᠳ ᠤᠨ ᠨᠡᠶᠢᠭᠡᠮᠯᠢᠭ ᠠᠴᠠ ᠤᠯᠭᠤᠭᠰᠠᠨ ︽ᠰᠠᠶᠢᠨ ᠳᠤᠷ᠎ᠠ ᠶᠢᠨ | ᠦᠢᠯᠡᠴᠢᠯᠡᠭᠡᠨ ᠤ ᠣᠨᠴᠠᠭᠠᠶ ᠬᠤᠪᠢ ᠨᠡᠮᠡᠷᠢ ᠶᠢᠨ ᠱᠠᠩᠨᠠᠯ︾ ᠂ 2013 ᠣᠨ ᠳᠤ ᠲᠤᠮᠳᠠᠳᠤ ᠤᠯᠤᠰ ᠤᠨ | ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠪᠣᠯᠣᠨ ᠳᠤᠮᠳᠠᠳᠤ ᠤᠯᠤᠰ ᠤᠨ ᠤᠯᠠᠭᠠᠨ | ᠵᠠᠭᠠᠯᠮᠠᠶᠢᠲᠠᠨ ᠤ ᠶᠡᠷᠦᠩᠬᠡᠢ ᠨᠡᠶᠢᠭᠡᠮᠯᠢᠭ ᠠᠴᠠ ᠤᠯᠭᠤᠭᠰᠠᠨ ︽2012 —2013 ᠤᠨ ᠤ ᠪᠦᠬᠦ ᠤᠯᠤᠰ ᠤᠨ | ᠦᠨ᠎ᠡ ᠲᠥᠯᠥᠪᠦᠷᠢ ᠦᠭᠡᠢ ᠴᠢᠰᠤ ᠬᠠᠨᠳᠢᠪᠯᠡᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠣᠳᠣᠨ ᠲᠡᠰ ᠤᠨ ᠱᠠᠩᠨᠠᠯ | ︾ ᠂ 2019 ᠣᠨ ᠳᠤ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠤᠯᠭᠤᠭᠰᠠᠨ ︽ᠠᠷᠪᠠᠨ ᠬᠤᠰᠢᠭᠤᠴᠢ︾ ᠶᠢᠨ ᠱᠠᠩᠨᠠᠯ ᠂ | 2020 ᠣᠨ ᠳᠤ ᠲᠠᠶᠢᠹᠤᠰᠧ ᠬᠤᠰᠢᠭᠤᠨ ᠤ ᠡᠪᠯᠡᠯ ᠤᠨ ᠬᠤᠷᠢᠶ᠎ᠠ ᠠᠴᠠ ᠤᠯᠭᠤᠭᠰᠠᠨ ︽2019 ︱ | 2020 ᠣᠨ ᠤ ︽ ᠲᠠᠪᠰᠢᠩᠭᠤᠢ ᠰᠠᠶᠢᠨ ᠵᠠᠯᠠᠭᠤ︾ ᠶᠢᠨ ᠱᠠᠩᠨᠠᠯ ᠬᠦᠬᠢᠬᠦᠯᠦᠯ ᠢ ᠲᠤᠰᠴᠤ ᠦᠩᠭᠡᠷᠡᠪᠡ᠃ | ᠷᠦᠩ ᠶᠠᠨ ᠴᠧᠩ ᠤᠨ ᠵᠤᠬᠢᠶᠠᠨ ᠪᠠᠶᠢᠭᠤᠯᠤᠭᠰᠠᠨ ︽ᠬᠤᠨ ᠭᠠᠯᠠᠭᠤ︾ ᠬᠠᠶᠢᠷ᠎ᠠ ᠬᠠᠯᠠᠮᠵᠢ ᠶᠢᠨ ᠨᠡᠶᠢᠭᠡᠮᠯᠢᠭ ᠨᠢ | 2016 ᠣᠨ ᠠᠴᠠ ᠡᠬᠢᠯᠡᠭᠡᠳ ᠶᠠᠳᠠᠭᠤ ᠬᠦᠴᠢᠷᠳᠡᠯᠲᠡᠢ ᠬᠡᠦᠬᠡᠳ᠂ ᠥᠨᠥᠴᠢᠨ ᠵᠡᠮᠳᠡᠭ ᠬᠡᠦᠬᠡᠳ ᠲᠤ ᠲᠤᠰᠠᠯᠠᠮᠵᠢ | ᠦᠵᠡᠭᠦᠯᠬᠦ ᠠᠵᠢᠯᠯᠠᠭ᠎ᠠ ᠪᠣᠯᠣᠨ ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠦᠭᠰᠡᠭᠡᠷ | ᠢᠷᠡᠵᠦ᠂ ᠣᠲᠣ ᠪᠣᠯᠲᠠᠯ᠎ᠠ 50 ᠨᠡᠷ᠎ᠡ ᠬᠦᠴᠢᠷᠳᠡᠯᠲᠡᠢ ᠰᠣᠷᠣᠭᠴᠢ ᠳᠤ ᠨᠡᠶᠢᠲᠡ 6.3 ᠲᠦᠮᠡᠨ ᠲᠥᠭᠦᠷᠢᠭ ᠪᠡᠯᠡᠨ | ᠮᠦᠩᠬᠦ ᠪᠠ 4.5 ᠲᠦᠮᠡᠨ ᠲᠥᠭᠦᠷᠢᠭ ᠤᠨ ᠦᠷᠳᠡᠭ ᠪᠦᠬᠦᠢ ᠡᠳ᠋ ᠪᠣᠳᠠᠰ ᠤᠨ ᠲᠤᠰᠠᠯᠠᠮᠵᠢ ᠦᠵᠡᠬᠦᠯᠦᠭᠡᠳ᠂ | ᠬᠦᠴᠢᠷᠳᠡᠯᠲᠡᠢ ᠰᠣᠷᠣᠭᠴᠢ ᠶᠢᠨ ᠰᠤᠷᠤᠯᠭ᠎ᠠ ᠠᠮᠢᠳᠤᠷᠠᠯ ᠤᠨ ᠨᠥᠬᠦᠴᠡᠯ ᠢ ᠵᠤᠬᠢᠬᠤ ᠬᠡᠮᠵᠢᠶ᠎ᠡ ᠪᠠᠷ | ᠰᠠᠶᠢᠵᠢᠷᠠᠭᠤᠯᠤᠭᠰᠠᠨ ᠪᠠᠶᠢᠯ᠎ᠠ᠃ ᠲᠡᠷᠡ ᠪᠠᠰᠠ ᠪᠠᠶᠢᠭᠤᠯᠭ᠎ᠠ ᠨᠢᠭᠡᠴᠡ ᠪᠣᠯᠣᠨ ᠬᠤᠪᠢ ᠬᠥᠮᠥᠨ ᠯᠦᠭᠡ ᠢᠳᠡᠪᠬᠢᠲᠡᠢ | ᠬᠠᠷᠢᠴᠠᠵᠤ ᠵᠤᠬᠢᠴᠠᠭᠤᠯᠬᠤ ᠪᠠᠷ ᠲᠠᠮᠵᠢᠭᠠᠳ 25 ᠨᠡᠷ᠎ᠡ ᠬᠦᠴᠢᠷᠳᠡᠢ ᠰᠤᠷᠤᠬᠴᠢ ᠳᠤ ᠠᠮᠢᠳᠤᠷᠠᠯ ᠰᠤᠷᠤᠯᠭ᠎ᠠ ᠶᠢᠨ | ᠲᠤᠰᠠᠯᠠᠮᠵᠢ ᠤᠯᠭᠤᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠦᠨᠡᠯᠡᠯᠲᠡ ᠶᠢ ᠣᠯᠵᠠᠢ᠃ | ᠷᠦᠩ ᠶᠠᠨ ᠴᠧᠩ ᠤᠨ ᠬᠠᠶᠢᠷ᠎ᠠ ᠬᠠᠯᠠᠮᠵᠢ ᠡᠨᠡᠦᠬᠡᠨ ᠢᠶᠠᠷ ᠪᠠᠷᠠᠬᠤ ᠪᠢᠰᠢ᠃ ᠲᠡᠷᠡᠪᠡᠷ ᠰᠤᠷᠤᠭᠴᠢ | ᠪᠠᠶᠢᠬᠤ ᠠᠴᠠ ᠪᠠᠨ ᠠᠪᠤᠭᠠᠳ ᠴᠢᠰᠤ ᠬᠠᠨᠳᠢᠪᠯᠡᠬᠤ ᠰᠠᠶᠢᠨ ᠲᠤᠷᠠᠳᠠᠨ ᠤ ᠡᠩᠨᠡᠭᠡ ᠳᠤ ᠤᠷᠤᠭᠠᠳ᠂ ᠣᠲᠣ | ᠪᠣᠯᠬᠤ ᠳᠤ ᠨᠡᠶᠢᠲᠡ 15 ᠤᠳᠠᠭ᠎ᠠ ᠴᠢᠰᠤ ᠬᠠᠨᠳᠢᠪᠯᠡᠵᠤ ᠪᠠᠶᠢᠭ᠎ᠠ ᠶᠤᠮ᠃ 2020 ᠣᠨ ᠳᠤ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠡᠯᠬᠡᠷᠡᠬᠦ ᠳᠤ ᠲᠡᠷᠡᠪᠡᠷ ᠢᠳᠡᠪᠬᠢᠲᠡᠢ ᠪᠠᠷ ᠵᠣᠭᠤᠰ | ᠮᠥᠩᠭᠦ ᠡᠳ᠋ ᠪᠣᠳᠠᠰ ᠬᠠᠨᠳᠢᠪᠯᠡᠵᠤ᠂ ᠬᠢᠵᠢᠭ ᠢ ᠡᠰᠡᠷᠭᠦᠴᠡᠬᠦ ᠳᠤ ᠦᠪᠡᠷ ᠤᠨ ᠬᠦᠴᠦᠨ ᠴᠢᠳᠠᠯ ᠢᠶᠠᠨ ᠨᠡᠮᠡᠷᠢᠯᠡᠭᠰᠡᠨ | ᠪᠤᠯ 2021 ᠣᠨ ᠳᠤ ᠴᠢᠶᠠᠨ ᠶᠢᠨ ᠭᠧᠦ ᠪᠠᠯᠭᠠᠰᠤᠨ ᠳᠤ ᠬᠤᠢ ᠰᠠᠯᠬᠢᠨ ᠤ ᠭᠠᠮᠰᠢᠭ ᠭᠠᠷᠤᠭᠰᠠᠨ ᠤ ᠲᠠᠷᠠᠭ᠎ᠠ | ᠬᠠᠮᠤᠭ ᠤᠨ ᠲᠦᠷᠦᠭᠦᠨ ᠳᠤ ᠡᠳ᠋ ᠪᠣᠳᠠᠰ ᠴᠤᠭᠯᠠᠭᠤᠯᠵᠤ᠂ ᠭᠠᠮᠰᠢᠭᠳᠠᠭᠰᠠᠨ ᠣᠷᠣᠨ ᠤ ᠠᠬ᠎ᠠ ᠳᠡᠭᠦᠦ ᠨᠠᠷ ᠲᠤ | ᠬᠠᠶᠢᠷ᠎ᠠ ᠬᠠᠯᠠᠮᠵᠢ ᠪᠠᠨ ᠬᠦᠷᠭᠡᠵᠡᠢ ᠃ | ᠷᠦᠩ ᠶᠠᠨ ᠴᠧᠩ᠄ ︽ ᠦᠷᠦᠭᠡᠯ ᠪᠤᠰᠤᠳ ᠲᠤ ᠠᠰᠢᠭ ᠲᠤᠰᠠ ᠬᠦᠷᠳᠡᠭᠡᠬᠦ ᠨᠢ ᠬᠥᠮᠥᠨ ᠤ ᠠᠮᠢᠳᠤᠷᠠᠯ ᠤᠨ | ᠦᠨ᠎ᠡ ᠥᠷᠲᠡᠭ ᠲᠤ ᠲᠣᠭᠠᠴᠠᠭᠳᠠᠨ᠎ᠠ᠃ ᠤᠯᠠᠨ ᠤᠳᠠᠭᠠᠨ ᠤ ᠬᠠᠶᠢᠷ᠎ᠠ ᠬᠠᠯᠠᠮᠵᠢ ᠶᠢᠨ ᠠᠵᠢᠯᠯᠠᠭ᠎ᠠ ᠪᠠᠷ ᠲᠠᠮᠵᠢᠭᠠᠳ | ᠂ ᠬᠠᠷᠠᠮ ᠦᠭᠡᠢ ᠵᠣᠷᠢᠭᠤᠯᠬᠤ ᠡᠷᠬᠢᠮ ᠰᠤᠷᠲᠠᠯ ᠪᠣᠯ ᠪᠢᠳᠡᠨ ᠤ ᠡᠷᠬᠢᠮ ᠨᠠᠨᠳᠢᠨ ᠣᠶᠤᠨ ᠰᠠᠨᠠᠭᠠᠨ ᠤ ᠥᠪ | ᠬᠥᠷᠥᠩᠭᠡ ᠭᠡᠳᠡᠭ ᠢ ᠭᠦᠨᠵᠡᠭᠡᠢ ᠣᠶᠢᠯᠠᠭᠠᠭᠰᠠᠨ᠃ ᠡᠳᠡᠭᠡᠷ ᠠᠵᠢᠯᠯᠠᠭᠠᠨ ᠤ ᠳᠤᠮᠳᠠ᠂ ᠪᠢ ᠨᠡᠶᠢᠭᠡᠮᠯᠢᠭ ᠤᠨ | ᠬᠠᠮᠳᠤ ᠤᠯᠠᠨ ᠢᠶᠠᠨ ᠲᠠᠭᠠᠭᠤᠯᠵᠤ ᠬᠡᠷᠡᠭᠴᠡᠭᠡ ᠲᠠᠢ ᠬᠥᠮᠥᠰ ᠲᠤ ᠬᠠᠪᠰᠤᠷᠤᠯᠭ᠎ᠠ ᠲᠤᠯᠰᠠᠯᠠᠮᠵᠢ ᠦᠵᠡᠭᠦᠯᠬᠦ ᠶᠢᠨ | ᠬᠠᠮᠲᠤ ᠥᠪᠡᠷ ᠢ ᠪᠠᠨ ᠲᠠᠰᠤᠷᠠᠯᠲᠠ ᠦᠭᠡᠢ ᠲᠡᠬᠦᠯᠳᠡᠷᠵᠢᠬᠦᠯᠵᠦ᠂ ᠬᠡᠦᠬᠡᠳ ᠤᠳ ᠲᠤ ᠴᠤ ᠨᠢᠬᠡ ᠬᠡᠮᠵᠢᠶᠡᠨ ᠤ | ᠦᠯᠢᠭᠡᠷ ᠳᠠᠭᠤᠷᠢᠶᠠᠯ ᠦᠵᠡᠬᠦᠯᠵᠡᠢ᠃ ᠬᠤᠶᠢᠰᠢᠳᠠ ᠴᠤ ᠭᠡᠰᠡᠨ ᠬᠠᠶᠢᠷ᠎ᠠ ᠬᠠᠯᠠᠮᠵᠢ ᠶᠢᠨ ᠠᠵᠢᠯᠯᠠᠭ᠎ᠠ᠂ ᠰᠠᠶᠢᠨ | ᠲᠤᠷ᠎ᠠ ᠶᠢᠨ ᠦᠢᠯᠡᠴᠢᠯᠡᠭᠡ ᠪᠠᠨ ᠦᠷᠬᠦᠯᠵᠢᠯᠡᠬᠦᠯᠵᠦ᠂ ᠲᠡᠳᠡᠭᠡᠷ ᠬᠠᠪᠰᠤᠷᠤᠯᠭ᠎ᠠ ᠬᠡᠷᠡᠭᠴᠡᠭᠡ ᠲᠠᠢ ᠬᠥᠮᠥᠰ ᠢ | ᠢᠮᠠᠭᠲᠠ ᠬᠠᠪᠰᠤᠷᠤᠨ᠎ᠠ ᠃ ᠨᠡᠩ ᠤᠯᠠᠨ ᠬᠠᠯᠠᠭᠤᠨ ᠰᠡᠳᠬᠢᠯ ᠲᠠᠢ ᠬᠥᠮᠥᠰ ᠮᠠᠨ ᠤ ᠨᠡᠶᠢᠭᠡᠮᠯᠢᠭ ᠲᠤ ᠤᠷᠤᠵᠤ᠂ | ᠨᠡᠩ ᠤᠯᠠᠨ ᠬᠦᠴᠢᠷᠳᠡᠢ ᠬᠥᠮᠥᠰ ᠲᠤ ᠬᠠᠪᠰᠤᠷᠤᠯᠭ᠎ᠠ ᠲᠡᠮᠵᠢᠯᠭᠡ ᠦᠵᠡᠬᠦᠯᠬᠦ ᠶᠢ ᠬᠦᠰᠡᠵᠦ ᠪᠠᠶᠢᠨ᠎ᠠ ︾᠃ |