ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ | ᠲᠠᠷᠬᠠᠵᠤ᠂ ᠢᠯᠠᠩᠭᠤᠶ᠎ᠠ ᠵᠠᠷᠢᠮ ᠮᠤᠵᠢ ᠬᠤᠲᠠ ᠶᠢᠨ ᠬᠢᠵᠢᠭ ᠤᠨ ᠪᠠᠶᠢᠳᠠᠯ ᠬᠦᠨᠳᠦ ᠬᠡᠴᠡᠭᠦᠦ ᠪᠥᠭᠡᠳ | ᠪᠤᠳᠤᠯᠢᠶᠠᠨᠲᠠᠢ ᠪᠠᠶᠢᠭ᠎ᠠ ᠪᠤᠯᠬᠤᠷ᠂ ᠮᠠᠨ ᠤ ᠬᠤᠰᠢᠭᠤᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠤᠯᠠᠮ ᠰᠠᠶᠢᠨ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠨ | ᠮᠡᠳᠡᠭᠳᠡᠰᠦᠭᠡᠢ᠄ | ᠨᠢᠭᠡ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠪᠣᠯᠣᠨ ᠬᠤᠪᠢ ᠬᠥᠮᠥᠨ ᠤ ︽ᠳᠥᠷᠪᠡᠨ | ᠲᠠᠯ᠎ᠠ ᠶᠢᠨ ᠬᠠᠷᠢᠭᠤᠴᠠᠯᠭ᠎ᠠ︾ ᠶᠢ ᠡᠷᠡᠰ ᠨᠠᠶᠢᠳᠠᠪᠤᠷᠢᠵᠢᠭᠤᠯᠵᠤ᠂ ᠡᠯ᠎ᠡ ᠪᠠᠶᠢᠭᠤᠯᠭ᠎ᠠ ᠨᠢᠭᠡᠴᠡ᠂ ᠡᠯ᠎ᠡ ᠠᠵᠢᠯ | ᠲᠥᠷᠥᠯ ᠤᠨ ᠬᠢᠨ ᠦᠪᠡᠷ ᠦᠪᠡᠷ ᠤᠨ ᠬᠠᠷᠢᠶᠠᠨ ᠳᠠᠬᠢ ᠬᠦᠮᠦᠨ ᠤ ᠬᠠᠮᠢᠶᠠᠷᠤᠯᠲᠠ ᠶᠢ ᠰᠠᠶᠢᠨ ᠬᠢᠬᠦ ᠭᠡᠷᠡᠭᠳᠡᠢ᠃ | ᠠᠶᠢᠮᠠᠭ ᠤᠨ ᠭᠠᠳᠠᠨ᠎ᠠ ᠠᠴᠠ ᠢᠷᠡᠭᠰᠡᠳ ᠡᠷᠬᠡᠪᠰᠢ ᠤᠬᠠᠮᠰᠠᠷ ᠠᠴᠠ ᠪᠠᠨ ᠮᠡᠳᠡᠭᠦᠯᠦᠨ ᠳᠠᠩᠰᠠᠯᠠᠭᠤᠯᠵᠤ᠂ | ᠢᠷᠡᠭᠰᠡᠨ ᠤ ᠪᠠᠨ ᠳᠠᠷᠠᠭ᠎ᠠ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠪᠥᠭᠡᠮ ᠬᠦᠴᠢᠯ ᠤᠨ | ᠪᠠᠶᠢᠴᠠᠭᠠᠯᠳᠠ ᠶᠢᠨ ᠭᠠᠵᠠᠷ ︵ᠰᠣᠶᠣᠯ ᠤᠨ ᠠᠰᠠᠷ ᠤᠨ ᠥᠲᠥᠨ ᠪᠥᠮᠪᠦᠭᠡ ᠶᠢᠨ ᠣᠷᠳᠣᠨ︶ ᠲᠤ ᠬᠦᠷᠴᠦ ᠳᠠᠬᠢᠨ | ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠡ ᠬᠢᠬᠦ ᠬᠡᠷᠡᠭᠲᠡᠢ᠃ ᠬᠢᠵᠢᠭ ᠰᠡᠷᠭᠡᠶᠢᠯᠡᠬᠦ ᠠᠷᠭ᠎ᠠ ᠲᠦᠷᠢᠮ ᠢ | ᠭᠡᠷᠡᠭᠵᠢᠬᠦᠯᠬᠦ ᠦᠬᠡᠢ᠂ ᠠᠵᠢᠯᠳᠠᠨ ᠤ ᠠᠵᠢᠯ ᠡᠬᠦᠷᠭᠡ ᠬᠦᠢᠴᠡᠳᠭᠡᠬᠦ ᠳᠤ ᠬᠠᠮᠵᠢᠯᠴᠠᠬᠤ ᠦᠬᠡᠢ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠬᠠᠷᠰᠢᠯᠠᠭᠰᠠᠨ ᠦᠢᠯᠡ ᠠᠵᠢᠯᠯᠠᠭ᠎ᠠ ᠢᠯᠡᠷᠡᠪᠡᠯ᠂ ᠶᠠᠮᠠᠷᠪᠠ ᠨᠢᠬᠡᠴᠡ ᠪᠠ | ᠬᠤᠪᠢ ᠬᠥᠮᠥᠨ ᠨᠢ ᠪᠦᠷ ᠢᠳᠬᠠᠨ ᠬᠤᠷᠢᠭᠯᠠᠬᠤ ᠡᠷᠬᠡ ᠲᠠᠢ᠃ ᠢᠳᠬᠠᠨ ᠬᠤᠷᠢᠭᠯᠠᠭᠠᠳ ᠲᠤᠰᠠ ᠭᠠᠷᠬᠤ ᠦᠭᠡᠢ᠂ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠲᠦᠷᠢᠮ ᠢ ᠵᠥᠷᠢᠴᠡᠭᠰᠡᠨ ᠪᠤᠯ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠪᠦᠷᠢᠯᠡᠵᠦ᠂ ᠶᠠᠯᠠᠳᠤ ᠠᠵᠢᠯᠯᠠᠭ᠎ᠠ ᠪᠤᠯᠤᠭᠰᠠᠨ ᠪᠤᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠶᠠᠷ᠂ ᠣᠳᠣᠬᠠᠨ ᠤ ᠬᠢᠵᠢᠭ ᠤᠨ ᠪᠠᠶᠢᠳᠠᠯ ᠳᠤ ᠬᠠᠨᠳᠤᠵᠤ᠂ ᠮᠠᠨ ᠤ ᠬᠤᠰᠢᠭᠤᠨ ᠳᠠᠬᠢ ᠬᠥᠮᠥᠰ ᠳᠤᠮᠳᠠ᠂ | ᠦᠨᠳᠦᠷ ᠲᠡᠰ ᠤᠨ ᠲᠦᠭᠰᠢᠬᠦᠷᠢᠳᠦ ᠣᠷᠣᠨ ᠵᠢᠴᠢ ᠲᠡᠬᠦᠨ ᠲᠠᠢ ᠬᠤᠯᠪᠤᠭᠳᠠᠭᠰᠠᠨ ᠬᠤᠰᠢᠭᠤ ᠰᠢᠶᠠᠨ ᠬᠤᠲᠠ | ᠲᠣᠭᠤᠷᠢᠭ ᠲᠤ ᠣᠴᠢᠬᠤ ᠶᠢ ᠴᠢᠩᠭ᠎ᠠ ᠬᠢᠵᠠᠭᠠᠷᠯᠠᠬᠤ ᠶᠢᠨ ᠬᠠᠮᠳᠤ᠂ ᠳᠤᠮᠳᠠ᠂ ᠦᠨᠳᠦᠷ ᠲᠡᠰ ᠤᠨ | ᠲᠦᠭᠰᠢᠬᠦᠷᠢᠳᠦ ᠣᠷᠣᠨ ᠪᠤᠶᠤ ᠬᠢᠯᠢ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠢᠷᠡᠬᠦ ᠲᠥᠷᠥᠯ ᠰᠠᠳᠤᠨ | ᠨᠠᠶᠢᠵᠠ ᠨᠥᠬᠦᠳ ᠢᠶᠠᠨ ᠢᠳᠬᠠᠨ ᠬᠤᠷᠢᠭᠯᠠᠬᠤ ᠭᠡᠷᠡᠭᠳᠡᠢ᠃ | ᠭᠤᠷᠪᠠ᠂ ᠪᠥᠬᠦ ᠬᠤᠰᠢᠭᠤᠨ ᠤ ᠡᠯ᠎ᠡ ᠳᠡᠯᠭᠡᠭᠦᠷ ᠬᠤᠳᠠᠯᠳᠤᠭ᠎ᠠ ᠪᠠ ᠬᠤᠭᠤᠯᠠ ᠤᠮᠳᠠ ᠬᠤᠨᠤᠭ ᠪᠠᠭᠤᠳᠠᠯ | ᠤᠨ ᠭᠠᠵᠠᠷ᠂ ᠵᠤᠭ᠎ᠠ ᠴᠡᠩᠭᠡᠯ ᠤᠨ ᠲᠠᠯᠠᠪᠤᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠮᠠᠰᠢᠨ ᠲᠡᠷᠭᠡᠨ ᠤ | ᠥᠷᠲᠡᠭᠡ ᠵᠡᠷᠭᠡ ᠭᠤᠣᠯᠳᠠᠯᠭ᠎ᠠ ᠲᠠᠢ ᠭᠠᠵᠠᠷ ᠤᠷᠤᠨ ᠨᠢ ᠺᠣᠳ᠋ ᠰᠢᠷᠪᠢᠬᠦ᠂ ᠬᠠᠯᠠᠭᠤᠨ ᠢ ᠬᠡᠮᠵᠢᠬᠦ᠂ ᠨᠡᠷ᠎ᠡ | ᠳᠠᠩᠰᠠᠯᠠᠬᠤ᠂ ᠠᠮᠠᠪᠴᠢ ᠵᠡᠭᠦᠬᠦ᠂ ᠠᠶᠤᠯᠬᠦᠢ ᠵᠠᠢ ᠶᠢ ᠪᠠᠳᠤᠯᠠᠬᠤ ᠵᠡᠷᠭᠡ ᠪᠠᠶᠢᠩᠭᠤ ᠶᠢᠨ ᠴᠢᠨᠠᠷᠳᠠᠢ ᠰᠡᠷᠭᠡᠶᠢᠯᠡᠨ | ᠡᠵᠡᠮᠳᠡᠬᠦ ᠠᠷᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠳᠥᠷᠪᠡ᠂ ᠪᠥᠬᠦ ᠬᠤᠰᠢᠭᠤᠨ ᠤ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠡᠮ ᠤᠨ ᠳᠡᠯᠭᠡᠭᠦᠷ ᠤᠳ ︽ | ᠬᠠᠷᠠᠭᠤᠯ ᠤᠨ ᠭᠠᠵᠠᠷ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠪᠡᠳᠴᠢᠳᠡᠨ ᠤ ᠪᠠᠶᠢᠳᠠᠯ ᠢ ᠨᠠᠷᠢᠨ | ᠨᠢᠮᠪᠠᠢ ᠠᠰᠠᠭᠤᠨ ᠯᠠᠪᠯᠠᠵᠤ᠂ ᠳᠤᠮᠳᠠ᠂ ᠦᠨᠳᠦᠷ ᠲᠡᠰ ᠤᠨ ᠲᠦᠭᠰᠢᠬᠦᠷᠢᠳᠦ ᠣᠷᠣᠨ ᠳᠤ ᠬᠦᠷᠴᠦ ᠦᠩᠭᠡᠷᠡᠭᠰᠡᠨ | ᠬᠥᠮᠥᠰ ᠢ ᠨᠠᠷᠢᠪᠴᠢᠯᠠᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠪᠥᠭᠡᠮ ᠬᠦᠴᠢᠯ ᠤᠨ ᠪᠠᠶᠢᠴᠠᠭᠠᠯᠳᠠ ᠶᠢᠨ | ᠲᠤᠭᠳᠠᠭᠰᠠᠨ ᠴᠡᠭ ᠤᠳ ᠨᠢ ᠠᠬᠤᠢ ᠲᠠᠯᠠᠪᠠᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠥᠮᠥᠨ ᠴᠤᠭᠯᠠᠷᠠᠬᠤ | ᠠᠴᠠ ᠵᠠᠶᠢᠯᠠᠰᠬᠢᠬᠦ ᠬᠡᠷᠡᠭᠲᠡᠢ᠃ | ᠲᠠᠪᠤ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠰᠤᠷᠭᠠᠭᠤᠯᠢ ᠶᠢᠨ ᠬᠦᠷᠢᠶᠡᠨ ᠤ | ᠬᠠᠮᠢᠶᠠᠷᠤᠯᠲᠠ ᠪᠠᠨ ᠴᠢᠩᠭᠠᠳᠬᠠᠵᠤ᠂ ᠪᠠᠭᠰᠢ ᠰᠣᠷᠣᠭᠴᠢ ᠶᠢᠨ ᠡᠷᠡᠭᠦᠯ ᠮᠡᠨᠳᠦ ᠶᠢᠨ ᠪᠠᠶᠢᠳᠠᠯ᠂ ᠣᠶᠢᠷ᠎ᠠ ᠶᠢᠨ | ᠬᠤᠭᠤᠴᠠᠭᠠᠨ ᠤ ᠢᠷᠡᠵᠦ ᠶᠠᠪᠤᠭᠰᠠᠨ ᠵᠠᠮ ᠮᠥᠷ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠥᠷᠯᠥᠭᠡ᠂ | ᠦᠳᠡ ᠶᠢᠨ ᠪᠠᠶᠢᠴᠠᠭᠠᠯᠲᠠ ᠪᠠ ᠴᠢᠯᠦᠭᠡ ᠭᠤᠶᠤᠬᠤ ᠳᠦᠷᠢᠮ᠂ ᠮᠦᠷᠳᠡᠨ ᠯᠠᠪᠯᠠᠬᠤ ᠳᠦᠷᠢᠮ ᠵᠡᠷᠭᠡ ᠡᠷᠡᠭᠦᠯ | ᠮᠡᠨᠳᠦ ᠶᠢᠨ ᠬᠢᠨᠠᠯᠳᠠ ᠶᠢᠨ ᠠᠷᠭ᠎ᠠ ᠬᠡᠮᠵᠢᠶ᠎ᠡ ᠵᠢᠴᠢ ᠰᠠᠯᠬᠢ ᠨᠡᠪᠲᠡᠷᠡᠭᠦᠯᠬᠦ ᠂ ᠴᠡᠪᠡᠷᠯᠡᠨ ᠠᠷᠢᠭᠤᠳᠬᠠᠬᠤ ᠵᠡᠷᠭᠡ | ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠬᠤᠰᠢᠭᠤᠨ ᠤ ᠵᠢᠯᠤᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠯᠳᠠ ᠶᠢᠨ ᠳᠤᠭᠤᠶᠢᠯᠠᠩ ᠤᠨ ᠤᠲᠠᠰᠤ᠄ | 0479 ︱ 5227110 | ᠪᠤᠤᠴᠠᠩ ᠪᠠᠯᠭᠠᠰᠤᠨ ︵ᠨᠡᠶᠢᠭᠡᠮ ᠲᠣᠭᠤᠷᠢᠭ︶ ᠤ ᠠᠰᠠᠭᠤᠨ ᠯᠠᠪᠯᠠᠬᠤ ᠤᠲᠠᠰᠤ᠄ 0479 ︱ | 5222227 | ᠵᠢᠶᠠᠨ ᠰᠢᠩ ᠨᠡᠶᠢᠭᠡᠮ ᠲᠣᠭᠤᠷᠢᠭ᠄ 136447 92511 | ᠪᠦᠦ ᠹᠧᠩ ᠨᠡᠶᠢᠭᠡᠮ ᠲᠣᠭᠤᠷᠢᠭ᠄ 139 479 3 072 9 | ᠨᠠᠨ ᠵᠢᠶᠣᠣ ᠨᠡᠶᠢᠭᠡᠮ ᠲᠣᠭᠤᠷᠢᠭ᠄ 188479 3898 | ᠰᠢᠨ ᠬᠤᠸᠠ ᠬᠤᠷᠢᠶᠠᠨ ᠤ ᠲᠣᠭᠤᠷᠢᠭ᠄ 13947395770 | ᠲᠠᠢ ᠫᠢᠩ ᠨᠡᠶᠢᠭᠡᠮ ᠲᠣᠭᠤᠷᠢᠭ᠄ 15849930009 | ᠳ᠋ᠦᠩ ᠵᠢᠶᠣᠣ ᠨᠡᠶᠢᠭᠡᠮ ᠲᠣᠭᠤᠷᠢᠭ᠄ 139479 66967 | ᠬᠦᠨᠪᠤᠯᠠᠭ ᠰᠤᠮᠤ᠄ 0479 ︱ 5887015 | ᠴᠢᠶᠠᠨ ᠶᠢᠨ ᠭᠧᠦ ᠪᠠᠯᠭᠠᠰᠤ᠄ 0479 ︱ 2265514 | ᠬᠤᠩ ᠴᠢ ᠪᠠᠯᠭᠠᠰᠤ ᠄ 0479 ︱ 5823064 | ᠯᠦᠸᠧ ᠲᠦᠸᠧ ᠱᠠᠨ ᠪᠠᠯᠭᠠᠰᠤ᠄ 0479 ︱ 5855017 | ᠶᠦᠩ ᠹᠧᠩ ᠪᠠᠯᠭᠠᠰᠤ᠄ 0479 ︱ 2265107 | ᠰᠢᠩ ᠹᠦ᠋ ᠰᠢᠶᠠᠩ ᠄ 0479 ︱ 5899668 155479 56376 | | | ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ | | 2022 ᠣᠨ ᠤ 3 ᠰᠠᠷ᠎ᠠ ᠶᠢᠨ 14 ᠤ ᠡᠳᠦᠷ |