︽3.15︾ ᠤ ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠬᠦᠷᠴᠦ ᠢᠷᠡᠬᠦ | ᠲᠠᠰᠢᠷᠠᠮ ᠳᠤ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠬᠡᠷᠡᠭᠯᠡᠭᠴᠢᠳ ᠤᠨ ᠡᠷᠬᠡ | ᠠᠰᠢᠭ ᠢᠶᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠠᠮᠤᠷ ᠲᠦᠪᠰᠢᠨ ᠬᠡᠷᠡᠭᠯᠡᠭᠡᠨ ᠤ ᠣᠷᠴᠢᠨ ᠨᠥᠬᠦᠴᠡᠯ | ᠪᠠ ᠲᠥᠪ ᠭᠤᠥᠯᠴᠢ ᠡᠮᠬᠢ ᠵᠢᠷᠤᠮ ᠲᠠᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ | ᠲᠥᠯᠥᠭᠡ᠂ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠬᠢᠨᠠᠨ ᠬᠠᠮᠢᠶᠠᠷᠬᠤ ᠲᠣᠪᠴᠢᠶ᠎ᠠ ᠨᠢ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠭᠡᠷᠡᠭᠯᠡᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ | ᠠᠵᠢᠯᠯᠠᠭ᠎ᠠ ᠥᠷᠨᠢᠭᠦᠯᠪᠡ᠃ ᠠᠵᠢᠯᠳᠠᠳ ᠬᠥᠨᠳᠡᠯᠡᠨ ᠪᠢᠴᠢᠭᠡᠰᠦ ᠡᠯᠭᠦᠬᠦ᠂ ᠬᠠᠭᠤᠷᠮᠠᠭ ᠮᠠᠭᠤ ᠂ ᠬᠤᠭᠤᠴᠠᠭ᠎ᠠ ᠨᠢ | ᠬᠡᠲᠦᠷᠡᠭᠰᠡᠨ᠂ ᠴᠢᠨᠠᠷ ᠨᠢ ᠬᠤᠪᠢᠷᠠᠭᠰᠠᠨ ᠲᠠᠸᠠᠷ ᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠤᠯᠠᠨ ᠲᠦᠮᠡᠨ ᠤ ᠵᠠᠭᠠᠯᠳᠤᠯᠭ᠎ᠠ ᠪᠠ ᠠᠰᠠᠭᠤᠯᠳᠠ ᠶᠢ ᠭᠥᠯᠢᠶᠡᠨ ᠠᠪᠬᠤ ᠵᠡᠷᠭᠡ ᠬᠡᠯᠪᠡᠷᠢ ᠪᠠᠷ | ᠥᠷᠭᠡᠨ ᠣᠯᠠᠨ ᠬᠡᠷᠡᠭᠯᠡᠭᠴᠢᠳ ᠲᠤ ᠡᠷᠬᠡ ᠠᠰᠢᠭ ᠢᠶᠠᠨ ᠬᠠᠮᠠᠭᠠᠯᠠᠬᠤ ᠬᠠᠮᠢᠶ᠎ᠠ ᠪᠦᠬᠦᠢ ᠮᠡᠳᠡᠯᠭᠡ ᠶᠢ | ᠲᠦᠭᠡᠮᠡᠯᠵᠢᠭᠦᠯᠵᠦ᠂ ᠰᠠᠶᠢᠨ ᠮᠠᠭᠤ ᠦᠢᠯᠡᠳᠬᠦᠨ ᠢ ᠢᠯᠭᠠᠨ ᠲᠣᠳᠣᠯᠠᠬᠤ ᠠᠷᠭ᠎ᠠ ᠶᠢ ᠲᠠᠶᠢᠯᠪᠤᠷᠢᠯᠠᠨ ᠦᠭᠬᠦᠭᠰᠡᠨ | ᠪᠦᠬᠡᠳ ᠨᠢᠬᠡ ᠪᠦᠯᠦᠭ ᠬᠠᠭᠤᠷᠮᠠᠭ ᠮᠠᠭᠤ ᠲᠠᠸᠠᠷ ᠢ ᠲᠥᠪᠯᠡᠷᠡᠭᠦᠯᠦᠨ ᠬᠠᠶᠢᠯᠠᠭᠤᠯᠤᠭᠰᠠᠨ ᠪᠠᠶᠢᠨ᠎ᠠ᠃ ᠡᠨᠡ | ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂ ᠠᠷᠠᠳ ᠢᠷᠭᠡᠳ ᠤᠨ ᠦᠢᠯᠡᠳᠬᠦᠨ ᠤ ᠶᠠᠰᠤ ᠴᠢᠨᠠᠷ ᠢ ᠠᠩᠬᠠᠷᠴᠤ᠂ | ᠬᠠᠭᠤᠷᠮᠠᠭ ᠮᠠᠭᠤ ᠦᠢᠯᠡᠳᠬᠦᠨ ᠢ ᠬᠤᠷᠢᠭᠯᠠᠬᠤ ᠤᠬᠠᠮᠰᠠᠷᠲᠤ ᠴᠢᠨᠠᠷ ᠢ ᠴᠢᠨᠠᠭᠰᠢᠳᠠ ᠲᠡᠭᠡᠭᠰᠢᠯᠡᠬᠦᠯᠦᠨ᠂ ᠬᠠᠭᠤᠷᠮᠠᠭ | ᠮᠠᠭᠤ ᠦᠢᠯᠡᠳᠬᠦᠨ ᠢ ᠢᠯᠭᠠᠨ ᠲᠣᠳᠣᠯᠠᠬᠤ ᠬᠤᠯᠪᠣᠭᠳᠠᠯ ᠪᠦᠬᠦᠢ ᠮᠡᠳᠡᠯᠭᠡ ᠶᠢ ᠪᠦᠲᠦᠮᠵᠢᠲᠡᠶ ᠪᠠᠷ ᠤᠬᠠᠭᠤᠯᠤᠨ | ᠲᠦᠭᠡᠮᠡᠯᠵᠢᠭᠦᠯᠵᠦ᠂ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠳᠤ ᠨᠡᠶᠢᠭᠡᠮ ᠤᠨ ᠡᠯ᠎ᠡ ᠡᠲᠡᠭᠡᠳ ᠤᠨ | ᠬᠢᠨ ᠤ ᠢᠳᠡᠪᠬᠢᠲᠡᠢ ᠣᠷᠤᠯᠴᠠᠬᠤ ᠶᠢ ᠠᠬᠢᠭᠤᠯᠵᠠᠢ᠃ | ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠬᠢᠨᠠᠨ ᠬᠠᠮᠢᠶᠠᠷᠬᠤ ᠲᠤᠪᠴᠢᠶᠠᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠭᠦᠸᠧ ᠰᠢᠶᠣᠣ ᠹᠧᠩ᠄ ︽ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠬᠤ ᠠᠵᠢᠯ ᠪᠣᠯ ᠠᠷᠠᠳ ᠣᠯᠠᠨ ᠯᠤᠭ᠎ᠠ ᠨᠢᠭᠲᠠ ᠬᠤᠯᠪᠤᠭᠳᠠᠭᠰᠠᠨ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠣᠨ᠎ᠠ᠃ 2021 ᠣᠨ ᠳᠤ᠂ ᠮᠠᠨ ᠤ ᠲᠤᠪᠴᠢᠶᠠᠨ ᠤ ᠬᠡᠷᠡᠭᠯᠡᠭᠴᠢᠳ ᠤᠨ ᠡᠷᠭᠡ | ᠠᠰᠢᠭ ᠢ ᠬᠠᠮᠠᠭᠠᠯᠠᠬᠤ ᠨᠡᠶᠢᠭᠡᠮᠯᠢᠭ ᠨᠢ ᠤᠯᠠᠨ ᠲᠦᠮᠡᠨ ᠤ ᠢᠯᠡᠴᠢᠯᠡᠨ ᠵᠠᠭᠠᠯᠳᠤᠭᠰᠠᠨ 312 ᠬᠡᠷᠡᠭ ᠢ | ᠰᠢᠢᠳᠪᠦᠷᠢᠯᠡᠵᠦ᠂ 210 ᠤᠳᠠᠭᠠᠨ ᠤ ᠠᠰᠠᠭᠤᠯᠳᠠ ᠯᠠᠪᠯᠠᠯᠲᠠ ᠳᠤ ᠬᠠᠷᠢᠭᠤᠯᠳᠠ ᠦᠭᠬᠦᠭᠡᠳ᠂ ᠨᠡᠶᠢᠳᠡ 26 | ᠲᠦᠮᠡ ᠭᠠᠷᠤᠢ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠤ᠂ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠠᠵᠢᠯ ᠵᠣᠬᠢᠬᠤ ᠠᠮᠵᠢᠯᠲᠠ ᠣᠯᠣᠭᠰᠠᠨ ᠪᠠᠶᠢᠨ᠎ᠠ᠃ 2022 ᠣᠨ ᠳᠤ ᠪᠢᠳᠡ | ᠬᠡᠷᠡᠭᠯᠡᠭᠴᠢᠳ ᠢᠶᠠᠷ ᠭᠤᠣᠯ ᠪᠣᠯᠭᠠᠬᠤ ᠶᠢ ᠪᠠᠷᠢᠮᠳᠠᠯᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠴᠦᠯᠡᠨ | ᠬᠠᠮᠠᠭᠠᠯᠠᠵᠤ᠂ ᠬᠠᠤᠯᠢ ᠲᠦᠷᠢᠮ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ︾᠃ |