ᠮᠠᠨ ᠤ ᠬᠤᠰᠢᠭᠤᠨ ᠤ ᠪᠠᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ᠂ ᠭᠡᠪᠰᠢᠮᠡᠯ ᠪᠦᠳᠦᠬᠦᠯᠢᠭ | ᠣᠷᠣᠰᠢᠭᠤᠯᠭ᠎ᠠ ᠶᠢᠨ ᠵᠠᠩ ᠳᠠᠳᠬᠠᠯ ᠢ ᠠᠷᠢᠯᠭᠠᠵᠤ᠂ ᠠᠷᠪᠢᠴᠢ ᠪᠣᠯᠪᠠᠰᠤᠨ ᠣᠷᠣᠰᠢᠭᠤᠯᠭ᠎ᠠ ᠶᠢᠨ ᠰᠢᠨ᠎ᠡ ᠬᠡᠪ | ᠰᠤᠷᠲᠠᠯ ᠢ ᠲᠡᠯᠬᠡᠷᠡᠬᠦᠯᠦᠨ᠂ ᠠᠮᠢ ᠠᠬᠤᠢ ᠪᠠᠶᠢᠭᠠᠯᠢ ᠤᠷᠴᠢᠨ ᠢᠶᠠᠨ ᠪᠦᠳᠦᠮᠵᠢᠳᠡᠢ ᠬᠠᠮᠠᠭᠠᠯᠠᠵᠤ᠂ ᠣᠶᠤᠨ ᠤ | ᠪᠣᠯᠪᠠᠰᠤᠨ ᠪᠠ ᠪᠣᠳᠠᠰ ᠤᠨ ᠪᠣᠯᠪᠠᠰᠤᠨ ᠤ ᠪᠠᠶᠢᠭᠤᠯᠤᠯᠲᠠ ᠶᠢ ᠴᠢᠨᠠᠭᠰᠢᠳᠠ ᠠᠬᠢᠭᠤᠯᠬᠤ ᠶᠢᠨ ᠲᠤᠰᠠᠳᠠ᠂ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 2012 ᠣᠨ ᠤ 11 | ᠰᠠᠷ᠎ᠠ ᠶᠢᠨ 9 ᠤ ᠡᠳᠦᠷ ᠨᠡᠶᠢᠲᠡᠯᠡᠭᠰᠡᠨ ︽ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠵᠦ | ᠂ ᠲᠠᠶᠢᠹᠤᠰᠧ ᠬᠤᠰᠢᠭᠤᠨ ᠤ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠶᠠᠪᠤᠳᠠᠯ ᠢ ᠵᠠᠰᠠᠭ ᠤᠨ | ᠣᠷᠳᠣᠨ ᠠᠴᠠ ᠰᠤᠳᠤᠯᠤᠨ ᠲᠤᠭᠳᠠᠭᠠᠳ᠂ ᠳᠣᠣᠷᠠᠬᠢ ᠮᠡᠲᠦ ᠵᠠᠷᠯᠠᠨ ᠮᠡᠳᠡᠭᠳᠡᠵᠦ ᠪᠠᠶᠢᠨᠠᠮ᠄ | ᠨᠢᠭᠡ᠂ ᠪᠡᠯᠪᠡᠰᠦᠷᠡᠯ ᠭᠠᠰᠢᠭᠤᠳᠠᠯ ᠤᠨ ᠠᠵᠢᠯᠯᠠᠭ᠎ᠠ ᠨᠢ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ | ᠪᠠ ᠪᠣᠯᠪᠠᠰᠤᠨ ᠡᠷᠡᠭᠦᠯ ᠬᠠᠮᠠᠭᠠᠯᠠᠯ ᠤᠨ ᠪᠠᠶᠢᠭᠤᠯᠤᠯᠲᠠ ᠶᠢ ᠬᠠᠷᠰᠢᠯᠠᠵᠤ ᠪᠣᠯᠬᠤ ᠦᠭᠡᠢ᠂ ᠭᠤᠤᠯ ᠵᠠᠮ ᠵᠡᠭᠡᠯᠢ | ᠲᠡᠭᠡᠷ᠎ᠡ ᠴᠢᠨᠳᠠᠷ ᠤᠨ ᠮᠠᠶᠢᠬᠠᠨ ᠪᠤᠰᠬᠠᠵᠤ᠂ ᠥᠨᠳᠥᠷ ᠳᠠᠭᠤᠲᠤ ᠯᠠᠪᠠᠷ ᠲᠠᠯᠪᠢᠬᠤ᠂ ᠴᠢᠨᠳᠠᠷ ᠭᠠᠷᠭᠠᠬᠤ | ᠵᠠᠮ ᠳᠠᠭᠠᠨ ᠵᠠᠮ ᠵᠡᠭᠡᠯᠢ ᠪᠠᠷ ᠴᠠᠭᠠᠰᠤᠨ ᠵᠣᠭᠤᠰ ᠰᠠᠴᠤᠵᠤ᠂ ᠫᠤᠤᠵᠢᠩ ᠲᠠᠯᠪᠢᠬᠤ ᠪᠠ ᠡᠳ᠋ ᠪᠤᠳᠠᠰ ᠰᠢᠲᠠᠭᠠᠬᠤ | ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠠᠭᠠᠵᠠᠯᠠᠨ᠎ᠠ᠃ ᠱᠠᠰᠢᠨ ᠰᠤᠷᠲᠠᠬᠤᠨ ᠤ ᠡᠳᠡᠭᠡᠳ ᠤᠨ ᠤᠷᠤᠰᠢᠭᠤᠯᠭ᠎ᠠ | ᠪᠡᠯᠪᠡᠰᠦᠷᠡᠯ ᠢ ᠱᠠᠰᠢᠨ ᠤ ᠶᠣᠰᠣ ᠪᠠᠷ ᠬᠦᠢᠴᠡᠳᠭᠡᠵᠦ ᠪᠤᠯᠤᠨ᠎ᠠ᠂ ᠭᠡᠬᠦ ᠳᠡᠭᠡᠨ ᠡᠷᠬᠡᠪᠰᠢ ᠲᠣᠭᠲᠠᠭᠰᠠᠨ ᠭᠠᠵᠠᠷ ᠲᠤ | ᠶᠠᠪᠤᠭᠳᠠᠭᠤᠯᠬᠤ ᠬᠡᠷᠡᠭᠲᠡᠢ᠃ | ᠬᠤᠶᠠᠷ᠂ ᠡᠯ᠎ᠡ ᠰᠤᠮᠤ ᠰᠢᠶᠠᠩ ᠪᠠᠯᠭᠠᠰᠤ ᠨᠢ ᠨᠡᠶᠢᠲᠡ ᠶᠢᠨ ᠣᠩᠭᠤᠨ ᠤ ᠭᠠᠵᠠᠷ ᠢ ᠲᠦᠯᠦᠪᠵᠢᠬᠦᠯᠦᠨ | ᠭᠠᠷᠭᠠᠬᠤ ᠪᠤᠶᠤ ᠡᠵᠡᠬᠦᠢ ᠠᠭᠤᠯᠠ ᠲᠤᠪᠤᠴᠠᠭ ᠢ ᠰᠤᠩᠭᠤᠨ ᠲᠦᠪᠯᠡᠷᠡᠩᠬᠦᠢ ᠤᠷᠤᠰᠢᠭᠤᠯᠭ᠎ᠠ ᠶᠢᠨ ᠭᠠᠵᠠᠷ ᠪᠣᠯᠭᠠᠵᠤ | ᠂ ᠤᠯᠠᠨ ᠲᠦᠮᠡᠨ ᠤ ᠣᠷᠣᠰᠢᠭᠤᠯᠭ᠎ᠠ ᠶᠢᠨ ᠬᠡᠷᠡᠭᠴᠡᠭᠡ ᠶᠢ ᠬᠠᠩᠭᠠᠬᠤ ᠭᠡᠷᠡᠭᠳᠡᠢ᠃ ᠪᠥᠬᠦ ᠬᠤᠰᠢᠭᠤᠨ ᠤ ᠵᠠᠰᠠᠭ | ᠵᠠᠬᠢᠷᠭᠠᠨ ᠤ ᠣᠷᠣᠨ ᠳᠠᠬᠢ ᠤᠷᠤᠰᠢᠭᠤᠯᠭ᠎ᠠ ᠶᠢ ᠴᠠᠭᠠᠵᠠᠯᠠᠬᠤ ᠭᠠᠵᠠᠷ ᠲᠤ ᠰᠢᠨ᠎ᠡ ᠪᠤᠯᠠᠰᠢ ᠭᠠᠷᠭᠠᠬᠤ ᠪᠠ | ᠬᠠᠭᠤᠴᠢᠨ ᠪᠤᠯᠠᠰᠢ ᠨᠡᠬᠦᠯᠭᠡᠨ ᠠᠪᠴᠢᠷᠠᠬᠤ ᠶᠢ ᠴᠢᠩᠭ᠎ᠠ ᠴᠠᠭᠠᠵᠠᠯᠠᠨ᠎ᠠ᠃ | ᠭᠤᠷᠪᠠ᠂ ᠶᠠᠮᠠᠷᠪᠠ ᠠᠵᠤ ᠠᠬᠤᠶᠢᠯᠠᠯ ᠪᠠ ᠬᠤᠪᠢ ᠬᠥᠮᠥᠨ ᠨᠢ ᠪᠤᠯᠠᠰᠢᠨ ᠤ ᠲᠤᠭᠤᠷᠢᠨ ᠢ ᠲᠡᠪᠢᠰᠴᠦ | ᠬᠠᠳᠠᠭᠤᠷᠠᠭᠤᠯᠬᠤ᠂ ᠭᠤᠶᠤ ᠬᠡᠭᠡᠨᠴᠢᠷ ᠤᠩᠭᠤᠨ ᠪᠠᠶᠢᠭᠤᠯᠬᠤ ᠳᠤ ᠬᠡᠷᠡᠭᠯᠡᠬᠦ ᠪᠦᠬᠦᠯᠢ ᠴᠣᠭᠴᠠ ᠵᠢᠴᠢ ᠬᠠᠭᠠᠰ | ᠪᠣᠯᠪᠠᠰᠤᠷᠠᠭᠤᠯᠤᠭᠰᠠᠨ ᠪᠠᠷᠢᠯᠭ᠎ᠠ ᠶᠢᠨ ᠪᠦᠳᠦᠭᠡᠭᠳᠡᠬᠦᠨ ᠢ ᠦᠢᠯᠡᠳᠪᠦᠷᠢᠯᠡᠨ ᠪᠤᠷᠤᠯᠠᠭᠤᠯᠵᠤ ᠪᠤᠯᠬᠤ ᠦᠬᠡᠢ᠃ | ᠬᠡᠮᠵᠢᠶ᠎ᠡ ᠠᠴᠠ ᠬᠡᠲᠦᠷᠡᠭᠰᠡᠨ ᠲᠤᠮᠤ ᠣᠩᠭᠤᠨ᠂ ᠬᠠᠲᠠᠭᠤᠷᠠᠭᠤᠯᠤᠭᠰᠠᠨ ᠣᠩᠭᠤᠨ᠂ ᠤᠷᠢᠳᠴᠢᠯᠠᠨ ᠪᠡᠯᠡᠳᠭᠡᠭᠰᠡᠨ | ᠣᠩᠭᠤᠨ᠂ ᠭᠡᠷ ᠪᠠᠶᠢᠰᠢᠩ ᠤᠨ ᠬᠡᠯᠪᠡᠷᠢᠳᠦ ᠣᠩᠭᠤᠨ᠂ ᠬᠡᠭᠡᠨᠴᠢᠷ ᠣᠩᠭᠤᠨ ᠵᠡᠷᠭᠡ ᠲᠦᠷᠢᠮ ᠲᠣᠭᠲᠠᠭᠠᠯ | ᠵᠦᠷᠢᠴᠡᠭᠰᠡᠨ ᠤᠩᠭᠤᠨ ᠪᠤᠯᠠᠰᠢ ᠰᠢᠨ᠎ᠡ ᠪᠠᠷ ᠭᠠᠷᠭᠠᠬᠤ ᠶᠢ ᠴᠠᠭᠠᠵᠠᠯᠠᠨ᠎ᠠ᠃ | ᠳᠥᠷᠪᠡ᠂ ᠳᠡᠭᠡᠷᠡᠬᠢ ᠵᠠᠷᠯᠠᠯ ᠤᠨ ᠲᠣᠭᠲᠠᠭᠠᠯ ᠢ ᠵᠦᠷᠢᠴᠡᠭᠰᠡᠳ ᠢ ᠳᠦᠷᠦ ᠶᠢᠨ ᠶᠠᠪᠤᠳᠠᠯ ᠤᠨ ᠬᠤᠷᠢᠶᠠᠨ ᠤ | ︽ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠤᠭᠳᠠᠭᠠᠯ ᠢᠶᠠᠷ ᠰᠢᠳᠬᠡᠨ᠎ᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ | | 2022 ᠤᠨ ᠤ 3 ᠰᠠᠷ᠎ᠠ ᠶᠢᠨ 16 ᠤ ᠡᠳᠦᠷ |