ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ | ᠳᠠᠭᠠᠭᠤᠯᠤᠭᠴᠢ ᠶᠢ ᠨᠡᠩ ᠤᠯᠠᠨ ᠬᠥᠮᠥᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠢ ᠬᠥᠭᠵᠢᠬᠦ ᠶᠢ ᠠᠬᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ | 3 ᠰᠠᠷ᠎ᠠ ᠶᠢᠨ 17 ᠤ ᠡᠳᠦᠷ ᠲᠠᠶᠢᠹᠤᠰᠧ ᠬᠤᠰᠢᠭᠤ ᠪᠡᠭᠡᠵᠢᠩ ᠤᠨ ︽ᠢ ᠮᠤ᠋ ᠲᠢᠶᠠᠨ︾ ᠬᠥᠳᠡᠭᠡ ᠲᠣᠰᠬᠤᠨ ᠤ | ᠰᠢᠨ᠎ᠡ ᠬᠡᠯᠪᠡᠷᠢ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠢ ᠤᠷᠢᠵᠤ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠤᠬᠠᠢ ᠮᠡᠳᠡᠯᠭᠡ ᠶᠢᠨ ᠪᠣᠯᠪᠠᠰᠤᠷᠠᠯ ᠡᠷᠬᠢᠯᠡᠭᠰᠡᠨ ᠪᠠᠶᠢᠨ᠎ᠠ᠃ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ | ᠤ ᠲᠤᠰᠬᠠᠢ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠶ᠂ ᠲᠠᠭᠠᠭᠤᠯᠤᠭᠴᠢ ᠠᠵᠤ ᠠᠬᠤᠶᠢᠯᠠᠯ᠂ | ᠡᠯᠧᠺᠲᠷᠣᠨ ᠬᠤᠳᠠᠯᠳᠤᠭᠠᠨ ᠤ ᠡᠷᠦᠬᠡ᠂ ᠲᠠᠷᠢᠮᠠᠯ ᠤᠨ ᠲᠣᠮᠣ ᠡᠷᠦᠬᠡ ᠵᠡᠷᠭᠡ ᠰᠢᠨ᠎ᠡ ᠮᠠᠯᠴᠢᠨ ᠲᠠᠷᠢᠶᠠᠴᠢᠨ ᠤ | ᠲᠥᠯᠥᠭᠡᠯᠡᠭᠴᠢ ᠪᠣᠯᠪᠠᠰᠤᠷᠠᠯ ᠳᠤ ᠤᠷᠤᠯᠴᠠᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠮᠠ ᠷᠦᠢ ᠮᠠᠨ ᠪᠣᠯᠪᠠᠰᠤᠷᠠᠯ ᠡᠬᠢᠯᠡᠬᠦᠯᠬᠦ ᠶᠠᠷᠢᠶᠠᠨ ᠳᠠᠭᠠᠨ᠂ | ᠪᠡᠭᠡᠵᠢᠩ ᠤᠨ ︽ᠢ ᠮᠤ᠋ ᠲᠢᠶᠠᠨ︾ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠰᠢᠨᠵᠢᠯᠡᠭᠡ | ᠮᠡᠷᠭᠡᠵᠢᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠪᠣᠯ ᠤᠯᠤᠰ ᠤᠨ ᠳᠣᠲᠣᠭᠠᠳᠤ ᠶᠢᠨ ᠲᠡᠷᠢᠭᠦᠨ ᠤ | ᠲᠠᠷᠢᠶᠠᠯᠠᠩ ᠤᠨ ᠪᠦᠲᠦᠭᠡᠭᠳᠡᠬᠦᠨ ᠤ B2B ᠡᠯᠧᠺᠲᠷᠣᠨ ᠬᠤᠳᠠᠯᠳᠤᠭᠠᠨ ᠤ ᠲᠠᠪᠴᠠᠩ ᠪᠠᠶᠢᠵᠤ᠂ | ᠳᠠᠩᠰᠠᠯᠠᠭᠤᠯᠤᠭᠰᠠᠨ ᠬᠡᠷᠡᠭᠯᠡᠭᠴᠢ 3800 ᠲᠦᠮᠡ ᠶᠢ ᠳᠠᠪᠠᠵᠤ᠂ ᠪᠥᠬᠦ ᠤᠯᠤᠰ ᠤᠨ 2800 ᠭᠠᠷᠤᠢ ᠬᠤᠰᠢᠭᠤ | ᠰᠢᠶᠠᠨ ᠳᠤ ᠲᠠᠷᠬᠠᠨ᠂ 15000 ᠭᠠᠷᠤᠢ ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ ᠳᠤ ᠬᠤᠯᠪᠣᠭᠳᠠᠵᠤ | ᠪᠠᠶᠢᠳᠠᠭ᠃ ᠺᠣᠮᠫᠠᠨᠢ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠤᠯᠠᠭᠤᠯᠭ᠎ᠠ ᠶᠢᠨ ᠠᠷᠭ᠎ᠠ ᠵᠠᠮ ᠳᠤ | ᠲᠦᠰᠢᠭᠯᠡᠨ᠂ ᠪᠤᠳᠠᠰ ᠤᠨ ᠭᠦᠢᠯᠭᠡᠭᠡ᠂ ᠮᠥᠩᠭᠦᠨ ᠭᠦᠢᠯᠭᠡᠭᠡ᠂ ᠲᠣᠮᠣ ᠳ᠋ᠠᠶᠢᠲ᠋ᠠ᠂ ᠪᠣᠯᠪᠠᠰᠤᠷᠠᠯ ᠬᠦᠮᠦᠵᠢᠯ᠂ | ᠲᠦᠷᠦᠯ ᠲᠡᠮᠳᠡᠭ᠂ ᠰᠦᠯᠵᠢᠶᠡᠨ ᠳᠡᠭᠡᠷᠡᠬᠢ ᠦᠵᠡᠭᠦᠯᠦᠯᠭᠡ ᠵᠡᠷᠭᠡ ᠦᠢᠯᠡᠴᠢᠯᠡᠭᠡ ᠲᠠᠢ ᠤᠶᠠᠯᠳᠤᠭᠤᠯᠵᠤ᠂ | ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶᠡᠨ ᠤ ᠪᠦᠷᠢᠨ ᠲᠡᠭᠦᠯᠳᠡᠷ ᠦᠢᠯᠡᠴᠢᠯᠡᠭᠡ ᠶᠢᠨ ᠰᠢᠰᠲ᠋ᠧᠮ ᠢ | ᠪᠠᠶᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠢ ᠪᠣᠷᠤᠯᠠᠭᠤᠯᠭ᠎ᠠ ᠶᠢ ᠠᠬᠢᠭᠤᠯᠵᠤ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠭᠰᠡᠨ ᠪᠠᠶᠢᠨ᠎ᠠ᠃ ᠪᠣᠯᠪᠠᠰᠤᠷᠠᠯ ᠳᠤ | ᠣᠷᠣᠯᠴᠠᠭᠰᠠᠳ ᠡᠷᠭᠡᠪᠰᠢ ᠡᠨᠡ ᠤᠳᠠᠭᠠᠨ ᠤ ᠬᠢᠴᠢᠶᠡᠯ ᠪᠣᠯᠪᠠᠰᠤᠷᠠᠯ ᠢ ᠨᠢᠭᠡ ᠤᠳᠠᠭᠠᠨ ᠤ ᠡᠷᠳᠡᠮ ᠰᠤᠷᠬᠤ᠂ | ᠴᠢᠳᠠᠪᠤᠷᠢ ᠪᠠᠨ ᠳᠡᠭᠡᠭᠰᠢᠯᠡᠭᠦᠯᠬᠦ᠂ ᠨᠦᠬᠦᠷᠯᠡᠯ ᠢᠶᠠᠨ ᠵᠤᠵᠠᠭᠠᠳᠬᠠᠬᠤ᠂ ᠬᠥᠭᠵᠢᠯᠲᠡ ᠶᠢ ᠠᠬᠢᠭᠤᠯᠬᠤ ᠠᠵᠠ | ᠲᠣᠬᠢᠶᠠᠯ ᠪᠣᠯᠭᠠᠵᠤ᠂ ᠪᠦᠬᠦ ᠰᠡᠳᠬᠢᠯ ᠢᠶᠠᠷ ᠤᠷᠤᠯᠴᠠᠨ᠂ ᠨᠠᠷᠢᠨ ᠬᠢᠨᠠᠮᠠᠭᠠᠢ ᠰᠣᠨᠣᠰᠴᠤ᠂ ᠮᠡᠳᠡᠯᠭᠡ ᠴᠢᠳᠠᠪᠤᠷᠢ ᠪᠠ᠊ | ᠨᠡᠮᠡᠭᠳᠡᠬᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠬᠥᠭᠵᠢᠯᠲᠡ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ ᠬᠢᠴᠢᠶᠡᠯᠯᠡᠭᠴᠢ ᠠᠴᠠ ᠲᠠᠶᠢᠹᠤᠰᠧ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ | ᠣᠳᠣᠬᠢ ᠪᠠᠶᠢᠳᠠᠯ ᠲᠠᠢ ᠤᠶᠠᠯᠳᠤᠭᠤᠯᠤᠨ᠂ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠳᠤ ᠬᠦᠴᠢᠷᠲᠡᠢ᠂ | ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠲᠠᠩ ᠴᠤᠯᠭᠤᠢ᠂ ᠡᠯᠧᠺᠲᠷᠣᠨ ᠬᠤᠳᠠᠯᠳᠤᠭᠠᠨ ᠤ | ᠲᠠᠪᠴᠠᠩ ᠤᠨ ᠡᠵᠡᠩᠨᠡᠯᠲᠡ ᠶᠢᠨ ᠤᠷ᠎ᠠ ᠲᠡᠮ ᠳᠤᠲᠠᠮᠠᠭ ᠪᠠᠶᠢᠭ᠎ᠠ ᠵᠡᠷᠭᠡ ᠠᠰᠠᠭᠤᠳᠠᠯ ᠤᠨ ᠲᠣᠭᠤᠷᠢᠨ ᠳᠤ ᠬᠢᠴᠢᠶᠡᠯ | ᠲᠠᠶᠢᠯᠤᠮᠵᠢ ᠬᠢᠵᠦ᠂ ᠡᠵᠡᠩᠨᠡᠭᠴᠢᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠬᠠᠢ | ᠣᠶᠢᠯᠠᠭᠠᠭᠳᠠᠬᠤᠨ ᠢ ᠴᠢᠨᠠᠭᠰᠢᠳᠠ ᠨᠡᠮᠡᠭᠳᠡᠬᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠡᠯᠧᠺᠲᠷᠣᠨ | ᠬᠤᠳᠠᠯᠳᠤᠭᠠᠨ ᠤ ᠲᠠᠪᠴᠠᠩ ᠤᠨ ᠪᠦᠬᠦᠯᠢ ᠴᠣᠭᠴᠠ ᠶᠢᠨ ᠬᠦᠭᠵᠢᠯᠳᠡ ᠶᠢᠨ ᠠᠬᠢᠭᠤᠯᠬᠤ ᠳᠤ ᠰᠠᠭᠤᠷᠢ ᠲᠠᠯᠪᠢᠭᠰᠠᠨ | ᠪᠠᠶᠢᠨ᠎ᠠ᠃ |