ᠲᠤᠭᠳᠠᠴᠠ ᠶᠢ ᠲᠡᠬᠦᠯᠳᠡᠷᠵᠢᠬᠦᠯᠦᠨ ᠬᠢᠨᠠᠯᠳᠠ ᠶᠢ ᠴᠢᠩᠭᠠᠳᠬᠠᠵᠤ  ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠦᠨᠡᠮ
ᠨᠡᠶᠢᠲᠡᠯᠡᠭᠰᠡᠨ ᠴᠠᠭ᠄
2022/3/2
ᠲᠠᠶᠢᠹᠤᠰᠧ ᠬᠤᠰᠢᠭᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢᠨ ᠰᠠᠭᠤᠷᠢ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠤᠯᠤᠰ ᠲᠦᠷᠦ ᠶᠢᠨ ᠵᠣᠭᠰᠣᠴᠠ ᠪᠠᠨ  ᠲᠡᠭᠡᠭᠰᠢᠯᠡᠬᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂  ᠢᠯᠭᠠᠨ ᠲᠠᠨᠢᠬᠤ᠂ ᠬᠢᠨᠠᠨ ᠬᠡᠮᠵᠢᠬᠦ᠂  ᠬᠠᠪᠰᠤᠷᠤᠨ ᠲᠡᠳᠬᠦᠬᠦ ᠠᠵᠢᠯ ᠤᠨ ᠲᠤᠭᠳᠠᠴᠠ ᠶᠢ ᠲᠡᠬᠦᠯᠳᠡᠷᠵᠢᠬᠦᠯᠵᠦ᠂  ᠲᠠᠬᠢᠨ ᠶᠠᠳᠠᠭᠤᠷᠠᠬᠤ ᠦᠵᠡᠭᠳᠡᠯ ᠭᠠᠷᠬᠤ ᠶᠢ ᠪᠦᠳᠦᠮᠵᠢᠳᠡᠢ ᠰᠡᠷᠭᠡᠶᠢᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ  ᠦᠷᠭᠡᠳᠭᠡᠵᠦ ᠪᠠᠶᠢᠨ᠎ᠠ᠃ ︽ ᠤᠷᠤᠬᠤ ᠶᠣᠰᠣᠲᠠᠢ ᠶᠢ ᠨᠢ ᠪᠦᠬᠦᠨ ᠢ ᠤᠷᠤᠭᠤᠯᠬᠤ᠂ ᠲᠡᠳᠬᠦᠬᠦ ᠶᠣᠰᠣᠲᠠᠢ ᠶᠢ ᠨᠢ ᠪᠦᠬᠦᠨ ᠢ ᠲᠡᠳᠬᠦᠬᠦ︾ ᠱᠠᠭᠠᠷᠳᠠᠯᠭ᠎ᠠ ᠶᠣᠰᠣᠭᠠᠷ᠂   ᠲᠤᠰ ᠬᠤᠰᠢᠭᠤ ᠨᠢ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠮᠢᠶᠠᠷᠤᠯᠲᠠ ᠶᠢᠨ ᠠᠯᠪᠠᠨ ᠭᠡᠷ ᠢ ᠪᠠᠶᠢᠭᠤᠯᠵᠤ᠂ 7  ᠱᠠᠭᠠᠷᠳᠠᠨ ᠪᠠᠶᠢᠴᠠᠭᠠᠬᠤ ᠳᠤᠭᠤᠶᠢᠯᠠᠩ ᠢ 7 ᠰᠤᠮᠤ ᠰᠢᠶᠠᠩ ᠪᠠᠯᠭᠠᠰᠤ  ᠳᠤ ᠲᠤᠮᠢᠯᠠᠨ᠂ ᠲᠣᠭᠲᠠᠮᠠᠯ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠱᠠᠭᠠᠷᠳᠠᠨ ᠵᠢᠯᠤᠭᠤᠳᠴᠤ᠂ ᠠᠰᠠᠭᠤᠳᠠᠯ ᠪᠠ ᠳᠤᠲᠠᠭᠤᠳᠠᠯ ᠢ ᠴᠠᠭ ᠲᠤᠬᠠᠢ ᠳᠤᠨᠢ ᠢᠯᠡᠷᠡᠬᠦᠯᠦᠨ᠂  ᠬᠠᠨᠳᠤᠯᠭᠠᠳᠤ ᠴᠢᠨᠠᠷᠲᠠᠢ ᠪᠠᠷ ᠬᠢᠨᠠᠨ ᠵᠢᠯᠤᠭᠤᠳᠤᠭᠰᠠᠨ ᠪᠠᠶᠢᠨ᠎ᠠ᠃ ︽ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ  ᠬᠤᠯᠪᠤᠭᠠᠳᠤ ᠬᠤᠷᠠᠯ ᠤᠨ ᠳᠦᠷᠢᠮ︾ ᠢ ᠲᠣᠭᠲᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠤᠯᠤᠭᠠᠶᠢᠯᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠮᠴᠢᠯᠡᠭᠡᠨ ᠤ ᠪᠠᠳᠤᠯᠠᠭ᠎ᠠ  ᠶᠢᠨ ᠲᠣᠪᠴᠢᠶ᠎ᠠ᠂ ᠳᠠᠭᠠᠳᠬᠠᠯ ᠤᠨ ᠺᠣᠮᠫᠠᠨᠢ ᠵᠡᠷᠭᠡ ᠰᠠᠯᠠᠭ᠎ᠠ ᠮᠥᠴᠢᠷ ᠲᠠᠢ ᠬᠠᠷᠢᠯᠴᠠᠵᠤ᠂  ᠭᠤᠣᠯᠳᠠᠯᠭ᠎ᠠ ᠲᠠᠢ ᠠᠩᠬᠠᠷᠬᠤ ᠬᠥᠮᠥᠰ ᠤᠨ ᠲᠤᠭ᠎ᠠ ᠪᠠᠷᠢᠮᠲᠠ ᠶᠢ ᠰᠤᠮᠤ ᠰᠢᠶᠠᠩ ᠪᠠᠯᠭᠠᠰᠤ ᠳᠤ ᠬᠠᠩᠭᠠᠵᠠᠢ᠃ ᠰᠤᠮᠤ ᠰᠢᠶᠠᠩ ᠪᠠᠯᠭᠠᠰᠤᠨ ᠤ ᠺᠠᠳ᠋ᠷ᠂ ᠭᠠᠴᠠᠭ᠎ᠠ ᠲᠣᠰᠬᠤᠨ ᠤ ᠬᠤᠶᠠᠷ ᠵᠥᠪᠯᠡᠯ᠂ ᠨᠢᠭᠡᠳᠦᠭᠡᠷ ᠱᠦᠵᠢ ᠪᠣᠯᠣᠨ ᠠᠵᠢᠯᠯᠠᠬᠤ ᠠᠩᠭᠢ  ᠶᠢᠨ ᠬᠢᠨ ᠡᠷᠦᠬᠡ ᠳᠠᠷᠠᠭᠠᠯᠠᠨ ᠰᠤᠷᠪᠤᠯᠵᠢᠯᠠᠵᠤ᠂  ᠰᠤᠳᠤᠯᠤᠨ ᠮᠠᠭᠠᠳᠯᠠᠬᠤ ᠬᠤᠷᠠᠯ   ᠢ ᠬᠤᠷᠠᠯᠳᠤᠭᠤᠯᠤᠨ᠂ ᠨᠥᠬᠦᠴᠡᠯ ᠳᠤ ᠨᠡᠶᠢᠴᠡᠭᠰᠡᠳ ᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠵᠤ᠂ ᠨᠥᠬᠦᠴᠡᠯ ᠳᠤ ᠨᠡᠶᠢᠴᠡᠬᠦ ᠦᠭᠡᠢ ᠠᠷᠪᠠᠨ ᠲᠥᠷᠥᠯ ᠤᠨ ᠭᠤᠣᠯᠳᠠᠯᠭ᠎ᠠ ᠲᠠᠢ ᠬᠥᠮᠥᠰ ᠲᠤ ᠣᠨᠴᠣᠭᠤᠢ ᠲᠠᠩᠰᠠ ᠡᠪᠬᠡᠮᠡᠯ  ᠪᠠᠶᠢᠭᠤᠯᠪᠠ᠃   ᠡᠶᠢᠨ ᠬᠦ᠋ 2855 ᠬᠥᠮᠥᠨ ︵ᠤᠳᠠᠭ᠎ᠠ︶ ᠶᠢ ᠵᠤᠬᠢᠶᠠᠨ ᠪᠠᠶᠢᠭᠤᠯᠵᠤ᠂ ᠪᠠᠶᠢᠩᠭᠤ ᠰᠠᠭᠤᠭ᠎ᠠ ᠬᠥᠮᠥᠨ ᠠᠮᠠ ᠶᠢ ᠪᠦᠬᠦᠨ ᠢ ᠪᠠᠶᠢᠴᠠᠭᠠᠨ ᠬᠠᠷᠭᠤᠭᠤᠯᠬᠤ ᠪᠠᠷ ᠲᠠᠮᠵᠢᠭᠠᠳ᠂ 2021 ᠣᠨ ᠤ 11 ᠰᠠᠷ᠎ᠠ ᠳᠤ 218 ᠡᠷᠦᠬᠡ 412 ᠬᠦᠮᠦᠨ ᠢ ᠬᠢᠨᠠᠨ ᠬᠡᠮᠵᠢᠬᠦ ᠭᠡᠪᠴᠢᠶᠡᠨ ᠳᠤ ᠤᠷᠤᠭᠤᠯᠤᠭᠰᠠᠨ ᠪᠦᠬᠡᠳ 2022 ᠣᠨ ᠤ 1 ᠰᠠᠷ᠎ᠠ ᠳᠤ 104 ᠡᠷᠦᠬᠡ 193 ᠬᠦᠮᠦᠨ ᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠵᠤ᠂ ︽ᠤᠷᠤᠬᠤ ᠶᠣᠰᠣᠲᠠᠢ ᠶᠢ ᠨᠢ ᠪᠦᠬᠦᠨ ᠢ ᠤᠷᠤᠭᠤᠯᠬᠤ︾ ᠶᠢ ᠪᠠᠳᠤᠯᠠᠭᠰᠠᠨ ᠪᠠᠶᠢᠨ᠎ᠠ᠃ ᠡᠭᠦᠨ ᠤ ᠬᠠᠮᠲᠤ ᠬᠠᠨᠳᠤᠯᠭᠠᠲᠤ ᠴᠢᠨᠠᠷᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ  ᠨᠠᠶᠢᠳᠠᠪᠤᠷᠢᠵᠢᠭᠤᠯᠵᠤ᠂  ᠠᠶᠢᠯ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ  ᠶᠢ ᠬᠡᠷᠡᠭᠵᠢᠭᠦᠯᠵᠦ᠂ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠶᠢᠨ ᠳᠠᠯᠳᠠ ᠬᠡᠮ ᠢ  ᠴᠤᠬᠤᠶᠢᠮᠠᠭᠴᠠ ᠠᠷᠢᠯᠭᠠᠬᠤ  ᠪᠠᠷ ᠴᠢᠷᠮᠠᠶᠢᠵᠠᠢ᠃  ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂  ᠲᠤᠰ ᠬᠤᠰᠢᠭᠤ ᠨᠢ ︽ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ  ᠪᠤᠶ ᠪᠤᠯᠭᠠᠨ᠂ᠤᠷᠢᠳᠴᠢᠯᠠᠨ ᠰᠡᠷᠭᠡᠶᠢᠯᠡᠬᠦ ᠪᠠ ᠬᠠᠪᠰᠤᠷᠤᠨ ᠲᠡᠳᠬᠦᠬᠦ ᠶᠢ ᠬᠠᠷᠢᠯᠴᠠᠨ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ᠂  ᠬᠦᠪᠡᠭᠡᠳᠡᠵᠦ ᠪᠠᠶᠢᠭ᠎ᠠ ᠶᠠᠳᠠᠭᠤ ᠬᠦᠴᠢᠷᠳᠡᠯᠲᠡᠢ ᠡᠷᠦᠬᠡ ᠵᠢᠴᠢ ᠡᠪᠡᠳᠴᠢᠨ ᠡᠮᠭᠡᠭ᠂ ᠰᠤᠷᠤᠯᠭ᠎ᠠ  ᠬᠢᠴᠢᠶᠡᠯ᠂  ᠬᠡᠨᠡᠳᠳᠡ ᠶᠢᠨ ᠬᠡᠷᠡᠭ   ᠤᠨ ᠰᠢᠯᠲᠠᠭᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ  ᠲᠤᠯᠭᠠᠷᠠᠭᠰᠠᠨ ᠡᠷᠦᠬᠡ   ᠶᠢ ᠴᠠᠭ ᠲᠤᠬᠠᠢ ᠳᠤᠨᠢ  ᠬᠢᠨᠠᠨ ᠬᠠᠷᠭᠤᠭᠤᠯᠵᠤ᠂  ᠪᠠᠶᠢᠳᠠᠯ ᠢ ᠨᠢ ᠤᠶᠢᠯᠠᠭᠠᠨ ᠰᠢᠯᠲᠠᠭᠠᠨ ᠢ ᠨᠢ ᠵᠠᠳᠠᠯᠵᠤ᠂  ᠲᠤᠯᠭᠠᠷᠠᠭᠰᠠᠨ ᠬᠦᠴᠢᠷᠳᠡᠯ ᠢ ᠨᠢ ᠰᠢᠢᠳᠪᠦᠷᠢᠯᠡᠨ᠂ ᠨᠠᠷᠢᠯᠢᠭ ᠤᠨᠤᠪᠴᠢᠳᠠᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠲᠠᠬᠢᠨ ᠶᠠᠳᠠᠭᠤᠷᠠᠬᠤ ᠲᠦᠭᠰᠢᠭᠦᠷᠢ ᠶᠢ ᠴᠠᠭ ᠲᠤᠬᠠᠢ ᠳᠤᠨᠢ  ᠠᠷᠢᠯᠭᠠᠵᠠᠢ᠃ 2021 ᠣᠨ ᠳᠤ᠂ ︽3+3︾ ᠠᠵᠤ ᠦᠢᠯᠡᠰ ᠢᠶᠠᠷ ᠶᠠᠳᠠᠭᠤ ᠶᠢ  ᠲᠡᠳᠬᠦᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂  ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠢ  ᠠᠬᠢᠭᠤᠯᠤᠨ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠬᠦᠯᠵᠵᠦ᠂ ︽ᠳᠥᠷᠪᠡ ᠶᠢ ᠥᠯᠥ  ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠂ 300 ᠭᠠᠷᠤᠢ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠡᠯ᠎ᠡ ᠲᠥᠷᠥᠯ ᠤᠨ ᠮᠡᠷᠭᠡᠵᠢᠯ   ᠤᠨ ᠪᠣᠯᠪᠠᠰᠤᠷᠠᠯ ᠢ 1002 ᠬᠥᠮᠥᠨ ᠳᠤ ᠬᠦᠷᠳᠡᠭᠡᠭᠰᠡᠨ ᠪᠠᠶᠢᠨ᠎ᠠ᠃  ᠡᠮ ᠡᠮᠨᠡᠯᠭᠡ ᠪᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠠᠩᠰᠠ ᠴᠠᠶᠢᠷᠠᠭᠤᠯᠬᠤ ᠬᠠᠷᠢᠴᠠᠯ ᠢ  ᠲᠡᠭᠡᠭᠰᠢᠯᠡᠬᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠮᠠ ᠳᠤ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠢ ᠨᠡᠶᠢᠳᠡᠮ ᠭᠡᠷᠡᠭᠵᠢᠬᠦᠯᠪᠡ᠃  ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ  ᠂ ᠨᠠᠭᠠᠲᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠲᠤᠰᠠᠯᠠᠨ ᠲᠡᠳᠬᠦᠬᠦ  ᠂ ᠲᠦᠷ ᠴᠠᠭ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠵᠡᠷᠭᠡ ᠲᠥᠷᠥ ᠶᠢᠨ ᠪᠣᠳᠣᠯᠭ᠎ᠠ  ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ᠂ ᠨᠡᠶᠢᠲᠡ 4429 ᠡᠷᠦᠬᠡ  7969  ᠬᠥᠮᠥᠨ ᠠᠮᠠ ᠶᠢ ᠮᠠᠯᠵᠢᠬᠤ ᠲᠠᠷᠢᠶᠠᠯᠠᠬᠤ ᠣᠷᠣᠨ ᠤ ᠨᠠᠭᠠᠲᠤ ᠵᠠᠬ᠎ᠠ ᠶᠢᠨ ᠪᠠᠲᠤᠯᠠᠭ᠎ᠠ  ᠳᠤ ᠤᠷᠤᠭᠤᠯᠵᠠᠢ᠃ ︽ᠶᠠᠳᠠᠭᠤ ᠶᠢ ᠲᠡᠳᠬᠦᠬᠦ ᠪᠠᠭ᠎ᠠ  ᠬᠡᠮᠵᠢᠶᠡᠨ ᠤ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠬᠦ ᠲᠦᠰᠦᠪ︾ ᠢ ᠲᠣᠭᠲᠠᠭᠠᠵᠤ᠂  2848 ᠮᠠᠯᠴᠢᠨ ᠲᠠᠷᠢᠶᠠᠴᠢᠨ ᠡᠷᠦᠬᠡ ᠳᠤ 1.37 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠭ᠎ᠠ  ᠬᠡᠮᠵᠢᠶᠡᠨ ᠤ ᠵᠢᠭᠡᠯᠡᠯᠭᠡ ᠲᠠᠷᠬᠠᠭᠠᠭᠰᠠᠨ ᠪᠠᠶᠢᠨ᠎ᠠ  ᠃  ᠡᠬᠦᠨ ᠤ ᠬᠠᠮᠳᠤ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠂ ᠨᠥᠬᠦᠴᠡᠯ ᠳᠤ ᠨᠡᠶᠢᠴᠡᠭᠰᠡᠨ 26 ᠡᠷᠦᠬᠡ 46 ᠬᠥᠮᠥᠨ ᠳᠤ 43 ᠲᠦᠮᠡᠨ ᠲᠥᠭᠦᠷᠢᠭ ᠤᠨ ᠲᠥᠯᠥᠪᠦᠷᠢ ᠤᠯᠭᠤᠵᠤ᠂  ᠡᠪᠡᠳᠴᠢᠨ ᠲᠠᠬᠤᠯ᠂  ᠭᠠᠢ ᠭᠠᠮᠰᠢᠭ ᠠᠴᠠ ᠪᠣᠯᠵᠤ ᠬᠡᠪᠴᠢᠶᠡᠵᠢᠭᠰᠡᠨ ᠴᠢᠨᠠᠷᠲᠠᠢ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠬᠦᠷᠢ ᠶᠢ ᠪᠦᠳᠦᠮᠵᠢᠳᠡᠢ ᠪᠠᠭᠠᠰᠬᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号