ᠭᠡᠷ ᠤᠨ ᠠᠬᠠᠮᠠᠳ ᠪᠠ ᠬᠡᠦᠬᠡᠳ ᠤᠨ ᠣᠩᠰᠢᠭᠤᠰᠢᠲᠠᠢ ︽ᠰᠤᠷᠭᠠᠭᠤᠯᠢ ᠡᠬᠢᠯᠡᠬᠦ ᠠᠷᠭ᠎ᠠ ᠪᠣᠳᠣᠯᠭ᠎ᠠ︾
ᠨᠡᠶᠢᠲᠡᠯᠡᠭᠰᠡᠨ ᠴᠠᠭ᠄
2022/3/2
   ᠡᠪᠦᠯ ᠤᠨ ᠠᠮᠠᠷᠠᠯᠲᠠ ᠰᠢᠪᠲᠤᠷᠠᠭᠠᠨ ᠳᠤ ᠪᠠᠨ ᠣᠷᠣᠵᠤ᠂ ᠰᠤᠷᠭᠠᠭᠤᠯᠢ ᠡᠬᠢᠯᠡᠬᠦ ᠪᠠᠷ ᠪᠠᠶᠢᠭ᠎ᠠ ᠦᠶ᠎ᠡ ᠳᠤ ᠵᠢᠯ ᠪᠦᠷᠢ ᠪᠠᠭᠰᠢ ᠨᠠᠷ ᠠᠴᠠ ᠡᠪᠦᠯ ᠤᠨ ᠠᠮᠠᠷᠠᠯᠲᠠ ᠳᠠᠭᠤᠰᠴᠤ ᠰᠤᠷᠭᠠᠭᠤᠯᠢ ᠡᠬᠢᠯᠡᠭᠰᠡᠨ ᠡᠬᠢᠨ ᠤ ᠬᠤᠭᠤᠴᠠᠭᠠᠨ ᠳᠤ ᠬᠢᠴᠢᠶᠡᠯ ᠳᠡᠭᠡᠷ᠎ᠡ ᠨᠢᠭᠡ ᠪᠦᠯᠦᠭ ᠰᠤᠷᠤᠭᠴᠢ ᠨᠢᠭᠡ ᠪᠣᠯ ᠡᠪᠰᠢᠶᠡᠵᠦ᠂ ᠨᠢᠭᠡ ᠪᠣᠯ ᠮᠡᠯᠡᠷᠡᠵᠦ᠂ ᠨᠢᠭᠡ ᠪᠣᠯ ᠰᠡᠳᠬᠢᠯ ᠨᠢ ᠲᠥᠪᠯᠡᠷᠡᠬᠦ ᠦᠭᠡᠢ ᠵᠡᠷᠭᠡ ᠰᠤᠷᠤᠯᠴᠠᠯᠭ᠎ᠠ ᠶᠢᠨ ᠪᠠᠶᠢᠳᠠᠯ ᠳᠤ ᠣᠷᠣᠬᠤ ᠦᠭᠡᠢ ᠪᠠᠶᠢᠵᠤ᠂ ᠰᠤᠷᠭᠠᠭᠤᠯᠢ ᠲᠠᠷᠬᠠᠭᠰᠠᠨ ᠤ ᠳᠠᠷᠠᠭ᠎ᠠ ᠬᠠᠷᠢᠨ ᠦᠰᠦᠷᠴᠦ ᠬᠠᠷᠠᠶᠢᠯᠠᠨ ᠶᠠᠮᠠᠷ ᠴᠤ ᠬᠠᠮᠢᠶ᠎ᠠ ᠦᠭᠡᠢ ᠪᠣᠯᠳᠠᠭ ᠭᠡᠵᠦ ᠲᠤᠰᠬᠠᠳᠠᠭ︕ ᠡᠳᠡᠭᠡᠷ ᠪᠠᠶᠢᠳᠠᠯ ᠪᠣᠯ ᠦᠨᠡᠨ ᠳᠤ ᠪᠠᠨ ᠰᠤᠷᠭᠠᠭᠤᠯᠢ ᠡᠬᠢᠯᠡᠬᠦ ᠠᠴᠠ ᠡᠮᠦᠨᠡᠬᠢ ᠰᠡᠳᠬᠢᠯ ᠢᠶᠠᠨ ᠬᠤᠷᠢᠶᠠᠬᠤ ᠠᠵᠢᠯ ᠢ ᠰᠠᠶᠢᠲᠤᠷ ᠬᠢᠭᠰᠡᠨ ᠦᠭᠡᠢ ᠠᠴᠠ ᠪᠣᠢ ᠪᠣᠯᠤᠭᠰᠠᠨ ᠬᠡᠦᠬᠡᠳ ᠪᠡᠶ᠎ᠡ ᠮᠠᠬᠠᠪᠤᠳ ᠪᠠ ᠰᠡᠳᠬᠢᠴᠡ ᠶᠢᠨ ᠲᠠᠯ᠎ᠠ ᠪᠠᠷ ᠲᠣᠬᠢᠷᠠᠭᠤᠯᠵᠤ ᠳᠡᠶᠢᠯᠦᠭᠡ ᠦᠭᠡᠢ ᠪᠠᠶᠢᠳᠠᠯ ᠪᠣᠯᠬᠤ ᠶᠤᠮ᠃    ᠤᠳᠠᠯ ᠦᠭᠡᠢ ᠰᠤᠷᠭᠠᠭᠤᠯᠢ ᠡᠬᠢᠯᠡᠬᠦ ᠭᠡᠵᠦ ᠪᠠᠶᠢᠨ᠎ᠠ᠂ ᠨᠠᠢᠷᠠᠭᠤᠯᠤᠭᠴᠢ ᠠᠴᠠ ᠡᠨᠡ ᠬᠦ ︽ᠰᠤᠷᠭᠠᠭᠤᠯᠢ ᠡᠬᠢᠯᠡᠬᠦ ᠠᠷᠭ᠎ᠠ ᠪᠣᠳᠣᠯᠭ᠎ᠠ︾ ᠶᠢ ᠪᠡᠯᠡᠳᠭᠡᠪᠡ᠂ ᠪᠠᠭᠰᠢ ᠨᠠᠷ ᠵᠠᠪᠠᠯ ᠭᠡᠷ ᠤᠨ ᠠᠬᠠᠮᠠᠳ ᠲᠤ ᠳᠠᠮᠵᠢᠭᠤᠯᠤᠭᠠᠷᠠᠢ︕ ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠡᠬᠢᠯᠡᠯᠲᠡ︕ ᠬᠠᠮᠲᠤ ᠳᠤ ᠪᠠᠨ ᠴᠢᠷᠮᠠᠶᠢᠵᠠᠭᠠᠶ᠎ᠠ︕    ᠭᠡᠷ ᠤᠨ ᠠᠬᠠᠮᠠᠳ᠄ 10 ᠵᠦᠢᠯ ᠤᠨ ᠪᠡᠯᠡᠳᠬᠡᠯ ᠠᠵᠢᠯ    1 . ᠬᠡᠦᠬᠡᠳ ᠲᠠᠢ ᠪᠠᠨ ᠬᠠᠮᠲᠤ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠡᠷᠭᠢᠴᠡᠭᠦᠯᠦᠨ᠎ᠡ ᠭᠡᠷ ᠤᠨ ᠠᠬᠠᠮᠠᠳ ᠪᠣᠯᠤᠨ ᠬᠡᠦᠬᠡᠳ ᠬᠠᠮᠲᠤ ᠪᠠᠷ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢᠶᠠᠨ ︽ᠲᠣᠩᠭᠤᠷᠠᠭᠤ ᠲᠣᠭᠠᠴᠢᠯᠲᠠ︾ ᠶᠢᠨ ᠬᠡᠯᠪᠡᠷᠢ ᠪᠠᠷ ᠡᠷᠭᠢᠴᠡᠭᠦᠯᠵᠦ᠂ ᠠᠮᠠᠷᠠᠯᠲᠠ ᠶᠢᠨ ᠬᠤᠭᠤᠴᠠᠭᠠᠨ ᠤ ᠲᠥᠯᠥᠪᠯᠡᠭᠡ ᠲᠠᠢ ᠪᠠᠨ ᠬᠠᠷᠢᠴᠠᠭᠤᠯᠵᠤ᠂ ᠠᠯᠢ ᠶᠢ ᠨᠢ ᠨᠢᠭᠡᠨᠲᠡ ᠪᠡᠶᠡᠯᠡᠭᠦᠯᠦᠭᠰᠡᠨ᠂ ᠠᠯᠢ ᠶᠢ ᠨᠢ ᠬᠠᠷᠠᠬᠠᠨ ᠪᠡᠶᠡᠯᠡᠭᠦᠯᠦᠭᠡᠳᠦᠢ ᠪᠠᠶᠢᠬᠤ ᠶᠢ ᠪᠠᠨ ᠦᠵᠡᠨ᠎ᠡ᠃ ᠣᠯᠤᠯᠲᠠ ᠪᠠ ᠬᠠᠷᠠᠮᠰᠠᠯ ︵ᠨᠣᠮ ᠤᠩᠰᠢᠬᠤ᠂ ᠠᠮᠠᠷᠠᠬᠤ᠂ ᠵᠤᠭ᠎ᠠ ᠴᠡᠩᠭᠡᠯ᠂ ᠬᠠᠷᠢᠯᠴᠠᠭ᠎ᠠ ᠵᠡᠷᠭᠡ ᠡᠯ᠎ᠡ ᠲᠠᠯ᠎ᠠ︶ ᠢᠶᠠᠨ ᠬᠠᠮᠲᠤ ᠪᠠᠷ ᠬᠤᠪᠢᠶᠠᠯᠴᠠᠵᠤ ᠪᠣᠯᠬᠤ ᠪᠥᠭᠡᠳ ᠲᠤᠷᠰᠢᠯᠭ᠎ᠠ ᠪᠠᠨ ᠳᠠᠷᠤᠢ ᠳᠤ ᠨᠢ ᠳ᠋ᠦᠩᠨᠡᠬᠦ ᠪᠤᠶᠤ ᠰᠢᠯᠲᠠᠭᠠᠨ ᠢ ᠵᠠᠳᠠᠯᠵᠤ᠂ ᠬᠡᠷ ᠤᠨ ᠠᠬᠠᠮᠠᠳ ᠪᠠ ᠬᠡᠦᠬᠡᠳ ᠡᠶᠢᠮᠦ ︽ᠪᠠᠭᠤᠯᠭᠠᠪᠤᠷᠢ ︾ ᠶᠢᠨ ᠬᠡᠯᠪᠡᠷᠢ ᠪᠠᠷ ᠳᠡᠮᠵᠢᠨ ᠨᠠᠩ ᠣᠯᠠᠨ ᠣᠯᠤᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃     2 . ᠬᠡᠦᠬᠡᠳ ᠢ ᠬᠠᠪᠰᠤᠷᠴᠤ ᠰᠡᠳᠬᠢᠯ ᠢ ᠨᠢ ᠬᠤᠷᠢᠶᠠᠯᠭᠠᠵᠤ᠂ ᠡᠳᠦᠷ ᠲᠤᠲᠤᠮ ᠤᠨ ᠡᠩ ᠤᠨ ᠪᠠᠶᠢᠳᠠᠯ ᠳᠤ ᠣᠷᠣᠭᠤᠯᠤᠨ᠎ᠠ ᠠᠮᠠᠷᠠᠯᠲᠠ ᠶᠢᠨ ᠬᠤᠭᠤᠴᠠᠭᠠᠨ ᠳᠤ ᠬᠡᠦᠬᠡᠳ ᠤᠨ ᠰᠡᠳᠬᠢᠴᠡ ᠶᠢᠨ ᠪᠠᠶᠢᠳᠠᠯ ᠶᠡᠷᠦ ᠳᠤ ᠪᠠᠨ ᠨᠡᠯᠢᠶᠡᠳ ᠰᠤᠯᠠ ᠪᠠᠶᠢᠳᠠᠭ᠂ ᠰᠤᠷᠭᠠᠭᠤᠯᠢ ᠡᠬᠢᠯᠡᠭᠰᠡᠨ ᠤ ᠳᠠᠷᠠᠭ᠎ᠠ ᠬᠠᠷᠢᠨ ᠬᠠᠷᠢᠴᠠᠩᠭᠤᠶ ᠪᠠᠷ ᠪᠠᠴᠢᠮᠳᠠᠭᠤ ᠪᠣᠯᠤᠨ᠎ᠠ᠂ ᠡᠨᠡ ᠬᠤᠶᠠᠷ ᠵᠦᠢᠯ ᠤᠨ ᠪᠠᠶᠢᠳᠠᠯ ᠢ ᠬᠤᠪᠢᠷᠠᠭᠤᠯᠬᠤ ᠳᠤ ᠶᠡᠷᠦ ᠨᠢ ᠬᠡᠰᠡᠭ ᠬᠤᠭᠤᠴᠠᠭ᠎ᠠ ᠬᠡᠷᠡᠭᠰᠡᠳᠡᠭ᠃ ᠡᠨᠡ ᠠᠰᠠᠭᠤᠳᠠᠯ ᠳᠤ ᠭᠡᠷ ᠤᠨ ᠠᠬᠠᠮᠠᠳ ᠬᠡᠲᠦᠷᠬᠡᠢ ᠶᠠᠭᠠᠷᠠᠵᠤ ᠪᠣᠯᠬᠤ ᠦᠭᠡᠢ᠂ ᠠᠯᠬᠤᠮ ᠳᠠᠷᠠᠭ᠎ᠠ ᠲᠠᠢ ᠪᠠᠷ ᠬᠡᠦᠬᠡᠳ ᠢ ᠬᠠᠪᠰᠤᠷᠴᠤ ᠰᠡᠳᠬᠢᠯ ᠢ ᠨᠢ ᠬᠤᠷᠢᠶᠠᠯᠭᠠᠬᠤ ᠬᠡᠷᠡᠭᠲᠡᠢ᠂ ᠡᠰᠡ ᠲᠡᠭᠡᠪᠡᠯ ᠬᠡᠦᠬᠡᠳ ᠤᠨ ᠰᠡᠳᠬᠢᠯ ᠤᠨ ᠳᠠᠷᠤᠭᠠᠰᠤ ᠶᠢ ᠨᠡᠮᠡᠭᠳᠡᠭᠦᠯᠦᠨ᠎ᠡ᠃ ᠡᠨᠡ ᠬᠦ ᠱᠠᠲᠤᠨ ᠳᠤ ᠬᠡᠷ ᠤᠨ ᠠᠬᠠᠮᠠᠳ ᠲᠣᠮᠣ ᠬᠡᠯᠪᠡᠷᠢ ᠶᠢᠨ ᠬᠥᠳᠡᠯᠭᠡᠭᠡᠨ ᠢ ᠳᠤᠲᠠᠭᠤ ᠲᠣᠬᠢᠷᠠᠭᠤᠯᠵᠤ᠂ ᠬᠡᠦᠬᠡᠳ ᠤᠨ ᠢᠶᠠᠨ ᠰᠡᠳᠬᠢᠯ ᠢ ᠠᠭᠠᠵᠢᠮ ᠢᠶᠠᠷ ᠲᠠᠶᠢᠪᠤᠰᠢᠷᠠᠭᠤᠯᠬᠤ ᠶᠢ ᠰᠠᠨᠠᠭᠤᠯᠤᠶ᠎ᠠ᠃    3 . ᠳᠠᠰᠬᠠᠯ ᠢᠶᠠᠨ ᠪᠡᠶᠡᠯᠡᠭᠦᠯᠦᠭᠰᠡᠨ ᠪᠠᠶᠢᠳᠠᠯ᠂ ᠣᠷᠬᠢᠭᠳᠠᠭᠤᠯᠤᠭᠰᠠᠨ ᠪᠠᠶᠢᠳᠠᠯ ᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠨ᠎ᠡ ᠬᠡᠦᠬᠡᠳ ᠤᠨ ᠢᠶᠠᠨ ᠳᠠᠰᠬᠠᠯ ᠪᠡᠶᠡᠯᠡᠭᠦᠯᠦᠭᠰᠡᠨ ᠪᠠᠶᠢᠳᠠᠯ ᠢ ᠡᠷᠭᠢᠴᠡᠭᠦᠯᠦᠨ ᠪᠠᠶᠢᠴᠠᠭᠠᠯᠭᠠᠵᠤ᠂ ᠪᠠᠰᠠ ᠠᠯᠢ ᠶᠢ ᠬᠢᠵᠦ ᠪᠠᠷᠠᠭ᠎ᠠ ᠦᠭᠡᠢ ᠪᠣᠯ ᠬᠢᠬᠦ ᠴᠠᠭ ᠣᠯᠭᠤᠵᠤ ᠬᠢᠯᠭᠡᠬᠦ ᠶᠢ ᠰᠠᠨᠠᠭᠤᠯᠤᠶ᠎ᠠ᠃ ᠮᠠᠰᠢ ᠣᠯᠠᠨ ᠬᠡᠦᠬᠡᠳ ᠦᠷᠭᠦᠯᠵᠢ ᠳᠠᠰᠬᠠᠯ ᠢᠶᠠᠨ ᠰᠤᠷᠭᠠᠭᠤᠯᠢ ᠡᠬᠢᠯᠡᠬᠦ ᠠᠴᠠ ᠡᠮᠦᠨᠡᠬᠢ ᠣᠷᠣᠢ ᠪᠣᠯᠲᠠᠯ᠎ᠠ ᠬᠤᠶᠢᠰᠢᠯᠠᠭᠤᠯᠵᠤ᠂ ᠪᠥᠲᠦᠨ ᠰᠥᠨᠢ ᠪᠠᠶᠢᠯᠳᠤᠵᠤ᠂ ᠪᠡᠶ᠎ᠡ ᠰᠡᠳᠬᠢᠯ ᠶᠠᠳᠠᠷᠠᠵᠤ ᠵᠦᠳᠡᠷᠡᠭᠰᠡᠨ ᠪᠠᠶᠢᠳᠠᠯ ᠳᠤ ᠬᠠᠰᠢ ᠶᠠᠰᠢ ᠠᠷᠭᠠᠴᠠᠭᠠᠳᠠᠭ᠃ ᠡᠶᠢᠮᠦ ᠠᠴᠠ ᠬᠡᠷ ᠤᠨ ᠠᠬᠠᠮᠠᠳ ᠬᠡᠦᠬᠡᠳ ᠲᠠᠢ ᠪᠠᠨ ᠬᠠᠮᠲᠤ ᠰᠤᠷᠭᠠᠭᠤᠯᠢ ᠡᠬᠢᠯᠡᠬᠦ ᠠᠴᠠ ᠡᠮᠦᠨᠡᠬᠢ ᠬᠡᠰᠡᠭ ᠬᠤᠭᠤᠴᠠᠭ᠎ᠠ ᠶᠢ ᠵᠦᠶ ᠵᠣᠬᠢᠰᠲᠠᠶ ᠲᠥᠯᠥᠪᠵᠢᠭᠦᠯᠦᠨ ᠲᠣᠬᠢᠷᠠᠭᠤᠯᠵᠤ᠂ ᠣᠷᠬᠢᠭᠳᠠᠭᠤᠯᠤᠭᠰᠠᠨ ᠢ ᠳᠠᠷᠤᠢ ᠳᠤ ᠨᠢ ᠪᠠᠶᠢᠴᠠᠭᠠᠨ ᠨᠥᠬᠦᠪᠥᠷᠢᠯᠡᠵᠦ᠂ ᠳᠠᠰᠬᠠᠯ ᠢ ᠴᠢᠨᠠᠷᠯᠢᠭ ᠪᠡᠶᠡᠯᠡᠭᠦᠯᠬᠦ ᠬᠡᠷᠡᠭᠲᠡᠶ᠃     4 . ᠬᠡᠦᠬᠡᠳ ᠢ ᠬᠥᠲᠥᠯᠥᠨ ᠵᠢᠯᠣᠭᠤᠳᠴᠤ ᠮᠠᠬᠠᠪᠤᠳ ᠤᠨ ᠴᠠᠭ ᠢ ᠲᠣᠬᠢᠷᠠᠭᠤᠯᠤᠨ᠎ᠠ ᠣᠯᠠᠩᠬᠢ ᠬᠡᠦᠬᠡᠳ ᠠᠮᠠᠷᠠᠯᠲᠠ ᠶᠢᠨ ᠬᠤᠭᠤᠴᠠᠭᠠᠨ ᠳᠤ ᠣᠷᠣᠢ ᠤᠨᠲᠠᠬᠤ᠂ ᠣᠷᠣᠢ ᠪᠣᠰᠬᠤ ᠵᠡᠷᠭᠡ ᠡᠷᠡᠭᠦᠯ ᠪᠤᠰᠤ ᠠᠮᠢᠳᠤᠷᠠᠯ ᠤᠨ ᠳᠠᠳᠬᠠᠯ ᠲᠠᠢ ᠪᠣᠯᠳᠠᠭ᠂ ᠬᠡᠷᠪᠡ ᠤᠷᠢᠳᠴᠢᠯᠠᠨ ᠵᠣᠬᠢᠴᠠᠭᠤᠯᠬᠤ ᠦᠭᠡᠢ ᠪᠣᠯ ᠰᠤᠷᠭᠠᠭᠤᠯᠢ ᠡᠬᠢᠯᠡᠭᠰᠡᠨ ᠡᠬᠢᠨ ᠤ ᠦᠶ᠎ᠡ ᠳᠤ ᠠᠩᠬᠠᠷᠤᠯ ᠲᠥᠪᠯᠡᠷᠡᠬᠦ ᠦᠭᠡᠢ᠂ ᠣᠶᠤᠨ ᠰᠠᠨᠠᠭ᠎ᠠ ᠨᠢ ᠡᠪ ᠦᠭᠡᠢ ᠪᠠᠶᠢᠳᠠᠯ ᠢᠯᠡᠷᠡᠵᠦ᠂ ᠬᠡᠦᠬᠡᠳ ᠤᠨ ᠰᠤᠷᠤᠯᠭ᠎ᠠ ᠳᠤ ᠪᠠᠨ ᠵᠣᠬᠢᠴᠠᠬᠤ ᠶᠢ ᠨᠥᠯᠥᠭᠡᠯᠡᠳᠡᠭ᠃ ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ ᠰᠤᠷᠭᠠᠭᠤᠯᠢ ᠡᠬᠢᠯᠡᠬᠦ ᠠᠴᠠ ᠡᠮᠦᠨᠡᠬᠢ ᠬᠡᠰᠡᠭ ᠬᠤᠭᠤᠴᠠᠭᠠᠨ ᠳᠤ ᠰᠤᠷᠭᠠᠭᠤᠯᠢ ᠶᠢᠨ ᠠᠮᠢᠳᠤᠷᠠᠯ ᠲᠠᠢ ᠣᠶᠢᠷᠠᠯᠴᠠᠭ᠎ᠠ ᠠᠵᠢᠯᠯᠠᠵᠤ ᠠᠮᠠᠷᠠᠬᠤ ᠴᠠᠭ ᠤᠨ ᠬᠦᠰᠦᠨᠦᠭᠲᠦ ᠵᠣᠬᠢᠶᠠᠵᠤ᠂ ᠡᠩ ᠤᠨ ᠴᠠᠭ ᠲᠤ ᠪᠣᠰᠴᠤ᠂ ᠤᠨᠲᠠᠵᠤ᠂ ᠰᠤᠷᠤᠯᠴᠠᠵᠤ᠂ ᠬᠥᠳᠡᠯᠭᠡᠭᠡᠨ ᠬᠢᠵᠦ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ ᠵᠡᠷᠭᠡ ᠠᠷᠭ᠎ᠠ ᠪᠠᠷ ᠪᠠᠴᠢᠮ ᠶᠠᠭᠠᠷᠠᠤ ᠰᠤᠷᠤᠯᠭ᠎ᠠ ᠠᠮᠢᠳᠤᠷᠠᠯ ᠳᠤ ᠨᠡᠩ ᠰᠠᠶᠢᠨ ᠵᠣᠬᠢᠴᠠᠭᠤᠯᠤᠨ᠎ᠠ᠃    5 . ᠬᠡᠦᠬᠡᠳ ᠲᠠᠢ ᠢᠶᠠᠨ ᠬᠠᠮᠲᠤ ᠰᠤᠷᠤᠯᠴᠠᠬᠤ ᠲᠥᠯᠥᠪᠯᠡᠭᠡ ᠲᠣᠭᠲᠠᠭᠠᠨ᠎ᠠ ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠠᠭᠤᠷ ᠠᠮᠢᠰᠬᠤᠯ᠃ ᠭᠡᠷ ᠤᠨ ᠠᠬᠠᠮᠠᠳ ᠪᠣᠯᠤᠨ ᠬᠡᠦᠬᠡᠳ ᠬᠠᠮᠲᠤ ᠪᠠᠷ ᠢᠷᠡᠭᠡᠳᠦᠢ ᠪᠠᠨ ᠪᠠᠷᠠᠯᠠᠵᠤ᠂ ᠤᠷᠢᠳᠴᠢᠯᠠᠨ ᠲᠥᠯᠥᠪᠯᠡᠭᠡ ᠬᠢᠨ᠎ᠡ᠂ ᠵᠢᠱᠢᠶᠡᠯᠡᠪᠡᠯ᠂ ᠳᠠᠷᠠᠭ᠎ᠠ ᠬᠤᠭᠤᠴᠠᠭ᠎ᠠ ᠠᠯᠢ ᠬᠡᠳᠦᠨ ᠲᠥᠷᠥᠯ ᠤᠨ ᠬᠢᠴᠢᠶᠡᠯ ᠤᠨ ᠬᠢᠷᠢ ᠪᠦᠲᠦᠮᠵᠢ ᠶᠢ ᠳᠡᠭᠡᠭᠰᠢᠯᠡᠭᠦᠯᠬᠦ᠂ ᠳᠠᠪᠠᠭ᠋ᠤ ᠬᠠᠷᠠᠯᠲᠠ ᠨᠢ ᠶᠠᠭᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠨᠢᠭᠡ ᠲᠥᠷᠥᠯ ᠤᠨ ᠰᠢᠨ᠎ᠡ ᠣᠨᠴᠠ ᠴᠢᠳᠠᠪᠤᠷᠢ ᠰᠤᠷᠬᠤ ᠡᠰᠡᠬᠦ ᠵᠡᠷᠭᠡ ᠪᠣᠯᠤᠨ᠎ᠠ᠃ ᠰᠤᠷᠤᠯᠴᠠᠬᠤ ᠲᠥᠯᠥᠪᠯᠡᠭᠡ᠂ ᠬᠠᠷᠠᠯᠲᠠ ᠲᠣᠭᠲᠠᠭᠠᠬᠤ ᠨᠢ ᠬᠡᠦᠬᠡᠳ ᠢ ᠬᠠᠪᠰᠤᠷᠤᠨ ᠴᠢᠭᠯᠡᠯ ᠢ ᠨᠢ ᠲᠣᠳᠣᠷᠬᠠᠶᠢᠯᠠᠵᠤ᠂ ᠰᠣᠬᠤᠷ ᠪᠠᠯᠠᠢ ᠪᠠᠷ ᠬᠠᠨᠳᠤᠬᠤ ᠠᠴᠠ ᠵᠠᠶᠢᠯᠠᠰᠬᠢᠵᠤ᠂ ᠨᠡᠩ ᠰᠠᠶᠢᠨ ᠰᠤᠷᠤᠯᠴᠠᠬᠤ ᠪᠠᠶᠢᠳᠠᠯ ᠳᠤ ᠣᠷᠣᠭᠤᠯᠬᠤ ᠪᠣᠯᠤᠨ᠎ᠠ᠃    6 . ᠬᠡᠦᠬᠡᠳ ᠢ ᠪᠠᠭᠰᠢ ᠬᠠᠮᠲᠤ ᠰᠤᠷᠤᠯᠭᠠᠲᠠᠨ ᠲᠠᠢ ᠪᠠᠨ ᠤᠷᠢᠳᠴᠢᠯᠠᠨ ᠬᠠᠷᠢᠯᠴᠠᠬᠤ ᠶᠢ ᠵᠣᠷᠢᠭᠵᠢᠭᠤᠯᠤᠨ᠎ᠠ ᠨᠢᠭᠡᠨ ᠣᠷᠳᠣ ᠠᠮᠠᠷᠠᠯᠲᠠ ᠶᠢᠨ ᠬᠤᠭᠤᠴᠠᠭᠠᠨ ᠤ ᠰᠠᠯᠤᠯᠲᠠ ᠪᠠᠷ ᠳᠡᠮᠵᠢᠨ᠂ ᠬᠠᠮᠲᠤ ᠰᠤᠷᠤᠭᠴᠢᠳ ᠤᠨ ᠬᠤᠭᠤᠷᠣᠨᠳᠣ ᠴᠥᠮ ᠬᠤᠪᠢᠷᠠᠯᠲᠠ ᠭᠠᠷᠳᠠᠭ᠂ ᠬᠡᠦᠬᠡᠳ ᠬᠠᠮᠲᠤ ᠰᠣᠷᠣᠭᠴᠢ ᠪᠠ ᠪᠠᠭᠰᠢ ᠲᠠᠢ ᠪᠠᠨ ᠤᠷᠢᠳᠴᠢᠯᠠᠨ ᠬᠠᠷᠢᠯᠴᠠᠵᠤ᠂ ᠡᠪᠦᠯ ᠤᠨ ᠠᠮᠠᠷᠠᠯᠲᠠ ᠶᠢᠨ ᠦᠵᠡᠵᠦ ᠰᠣᠨᠣᠰᠤᠭᠰᠠᠨ ᠵᠦᠢᠯ ᠪᠠ ︽ᠰᠢᠨ᠎ᠡ ᠰᠡᠪᠡᠭᠦᠨ ᠶᠠᠪᠤᠳᠠᠯ︾ ᠢᠶᠠᠨ ᠬᠠᠷᠢᠯᠴᠠᠨ ᠬᠤᠪᠢᠶᠠᠯᠴᠠᠵᠤ᠂ ᠬᠠᠷᠢᠯᠴᠠᠨ ᠬᠠᠯᠠᠮᠵᠢᠯᠠᠵᠤ᠂ ᠬᠠᠷᠢᠯᠴᠠᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠦᠰᠡᠯ ᠡᠷᠡᠮᠡᠯᠵᠡᠯ ᠢᠶᠠᠨ ᠢᠯᠡᠳᠬᠡᠬᠦ ᠨᠢ ᠬᠠᠮᠲᠤ ᠰᠣᠷᠣᠭᠴᠢ ᠪᠠ ᠪᠠᠭᠰᠢ ᠰᠤᠷᠤᠭᠴᠢᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠬᠦ ᠪᠠᠷ ᠪᠠᠷᠠᠬᠤ ᠥᠬᠡᠶ᠂ ᠪᠠᠰᠠ ᠬᠡᠦᠬᠡᠳ ᠤᠨ ᠬᠥᠮᠦᠰ ᠤᠨ ᠬᠤᠭᠤᠷᠤᠨᠳᠤᠬᠢ ᠬᠠᠷᠢᠯᠴᠠᠭᠠᠨ ᠤ ᠴᠢᠳᠠᠪᠤᠷᠢ ᠶᠢ ᠬᠥᠮᠦᠵᠢᠭᠦᠯᠬᠦ ᠳᠤ ᠠᠰᠢᠭᠲᠠᠶ ᠶᠤᠮ᠃    7 . ᠬᠡᠦᠬᠡᠳ ᠢᠶᠠᠨ ᠳᠠᠭᠠᠭᠤᠯᠤᠨ ᠨᠣᠮ ᠤᠨ ᠰᠠᠩ ᠪᠤᠶᠤ ᠨᠣᠮ ᠤᠨ ᠳᠡᠯᠭᠡᠭᠦᠷ ᠢᠶᠠᠷ ᠲᠣᠭᠤᠷᠢᠭᠤᠯᠤᠨ᠎ᠠ ᠰᠤᠷᠭᠠᠭᠤᠯᠢ ᠡᠬᠢᠯᠡᠬᠦ ᠠᠴᠠ ᠡᠮᠦᠨ᠎ᠡ᠂ ᠬᠡᠷ ᠤᠨ ᠠᠬᠠᠮᠠᠳ ᠨᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠲᠥᠯᠥᠪᠯᠡᠭᠡ ᠲᠠᠢ ᠪᠠᠨ ᠤᠶᠠᠯᠳᠤᠭᠤᠯᠤᠨ᠂ ᠬᠡᠦᠬᠡᠳ ᠲᠤ ᠪᠠᠨ ᠪᠠᠷ᠎ᠠ ᠪᠣᠯᠵᠣ ᠨᠣᠮ ᠤᠨ ᠰᠠᠩ᠂ ᠨᠣᠮ ᠤᠨ ᠳᠡᠯᠭᠡᠭᠦᠷ ᠵᠡᠷᠭᠡ ᠭᠠᠵᠠᠷ ᠲᠤ ᠣᠴᠢᠵᠤ᠂ ᠨᠣᠮ ᠪᠢᠴᠢᠭ ᠤᠨ ᠦᠨᠦᠷ ᠠᠮᠲᠠ ᠶᠢ ᠲᠠᠨᠢᠭᠤᠯᠵᠤ᠂ ᠬᠡᠦᠬᠡᠳ ᠤᠨ ᠳᠤᠷᠠᠲᠠᠶ ᠨᠣᠮ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠬᠤᠳᠠᠯᠳᠤᠨ ᠠᠪᠴᠤ᠂ ᠬᠡᠦᠬᠡᠳ ᠤᠨ ᠨᠣᠮ ᠤᠩᠰᠢᠬᠤ ᠳᠤᠷ᠎ᠠ ᠰᠣᠨᠢᠷᠬᠠᠯ ᠢ ᠬᠥᠮᠥᠵᠢᠭᠦᠯᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠪᠡᠯᠡᠳᠬᠡᠯ ᠢ ᠵᠤᠬᠢᠰᠲᠠᠢ ᠬᠢᠨ᠎ᠡ᠃    8 . ᠬᠡᠦᠬᠡᠳ ᠢ ᠬᠥᠲᠥᠯᠥᠨ ᠵᠢᠯᠣᠭᠤᠳᠴᠤ ᠵᠣᠬᠢᠰᠲᠠᠢ ᠳᠠᠪᠲᠠᠭᠤᠯᠬᠤ ᠪᠤᠶᠤ ᠤᠷᠢᠳᠴᠢᠯᠠᠨ ᠳᠠᠪᠲᠠᠭᠤᠯᠤᠨ᠎ᠠ ᠡᠪᠦᠯ ᠤᠨ ᠠᠮᠠᠷᠠᠯᠲᠠ ᠳᠤ ᠬᠡᠦᠬᠡᠳ ᠳᠡᠭᠡᠷ᠎ᠡ ᠬᠤᠭᠤᠴᠠᠭᠠᠨ ᠤ ᠮᠡᠳᠡᠯᠭᠡ ᠪᠠᠨ ᠮᠠᠷᠲᠠᠬᠤ ᠪᠣᠯᠬᠤᠷ ᠵᠠᠪ ᠴᠢᠯᠥᠭᠡ ᠪᠠᠷ ᠢᠶᠠᠨ ᠭᠤᠣᠯ ᠪᠣᠯᠬᠤ ᠮᠡᠳᠡᠯᠭᠡ ᠶᠢᠨ ᠠᠭᠤᠯᠭ᠎ᠠ ᠪᠠᠨ ᠡᠷᠭᠢᠴᠡᠭᠦᠯᠪᠡᠯ ᠵᠣᠬᠢᠨ᠎ᠠ᠃ ᠡᠭᠦᠨ ᠤ ᠬᠠᠮᠲᠤ ᠪᠠᠰᠠ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠵᠢᠭᠠᠬᠤ ᠮᠠᠲ᠋ᠧᠷᠢᠶᠠᠯ ᠳᠤ ᠤᠷᠢᠳᠴᠢᠯᠠᠨ ᠨᠢᠳᠦ ᠭᠦᠶᠦᠯᠭᠡᠵᠦ᠂ ᠤᠷᠢᠳᠴᠢᠯᠠᠨ ᠵᠣᠬᠢᠰᠲᠠᠢ ᠳᠠᠪᠲᠠᠭᠤᠯᠤᠨ᠎ᠠ᠂ ᠡᠨᠡ ᠨᠢ ᠰᠢᠨ᠎ᠡ ᠬᠠᠭᠤᠴᠢᠨ ᠮᠡᠳᠡᠯᠭᠡ ᠶᠢ ᠤᠷᠤᠭᠰᠢᠲᠠᠢ ᠵᠣᠯᠭᠠᠭᠤᠯᠬᠤ ᠳᠤ ᠠᠰᠢᠭᠲᠠᠢ ᠶᠤᠮ᠃ ᠭᠡᠪᠡᠴᠦ ᠭᠡᠷ ᠤᠨ ᠠᠬᠠᠮᠠᠳ ᠲᠤ ᠰᠠᠨᠠᠭᠤᠯᠬᠤ ᠨᠢ ᠬᠡᠦᠬᠡᠳ ᠤᠨ ᠤᠷᠢᠳᠴᠢᠯᠠᠨ ᠳᠠᠪᠲᠠᠬᠤ ᠶᠢ ᠵᠣᠬᠢᠰᠲᠠᠢ ᠪᠠᠶᠢᠯᠭᠠᠵᠤ᠂ ᠰᠢᠨ᠎ᠡ ᠮᠡᠳᠡᠯᠭᠡ ᠶᠢ ᠨᠢᠭᠡ ᠤᠳᠠᠭ᠎ᠠ ᠤᠷᠢᠳᠴᠢᠯᠠᠨ ᠰᠤᠷᠬᠤ ᠶᠢ ᠰᠠᠨᠠᠭᠠᠴᠢᠯᠠᠬᠤ ᠦᠭᠡᠢ᠂ ᠢᠩᠭᠢᠪᠡᠯ ᠬᠡᠦᠬᠡᠳ ᠠᠯᠪᠠᠨ ᠶᠣᠰᠣᠨ ᠤ ᠰᠤᠷᠤᠯᠴᠠᠯᠭ᠎ᠠ ᠳᠤ ᠰᠢᠨ᠎ᠡ ᠰᠣᠷᠭᠤᠭ ᠲᠥᠷᠥᠭᠳᠡᠯ ᠪᠠ ᠤᠷᠮ᠎ᠠ ᠪᠠᠭ᠋ᠠᠲᠠᠢ ᠪᠣᠯᠵᠤ ᠴᠢᠳᠠᠬᠤ ᠦᠭᠡᠢ ᠪᠣᠯᠤᠨ᠎ᠠ᠃    9 . ᠬᠡᠦᠬᠡᠳ ᠤᠨ ᠢᠶᠠᠨ ᠪᠣᠳᠤᠯ ᠰᠡᠳᠬᠢᠯᠭᠡ ᠶᠢ ᠣᠶᠢᠯᠠᠭᠠᠨ᠎ᠠ ᠵᠠᠷᠢᠮ ᠣᠨᠴᠠᠭᠠᠢ ᠥᠩᠭᠡᠷᠡᠯᠲᠡ ᠪᠠ ᠲᠥᠷᠥᠭᠳᠡᠯ ᠠᠴᠠ ᠪᠣᠯᠵᠤ᠂ ᠵᠠᠷᠢᠮ ᠬᠡᠦᠬᠡᠳ ᠰᠤᠷᠭᠠᠭᠤᠯᠢ ᠳᠤ ᠣᠴᠢᠬᠤ ᠶᠢ ︽ᠵᠣᠪᠠᠨᠢᠯ︾᠂ ᠴᠠᠭᠠᠰᠢᠯᠠᠪᠠᠯ ︽ᠡᠮᠢᠶᠡᠯ︾ ᠢᠶᠠᠷ ᠦᠵᠡᠳᠡᠭ᠂ ᠭᠡᠷ ᠤᠨ ᠠᠬᠠᠮᠠᠳ ᠣᠶᠢᠯᠠᠭᠠᠯᠴᠠᠨ ᠨᠡᠪᠲᠡᠷᠡᠯᠴᠡᠬᠦ ᠪᠠ ᠬᠥᠲᠥᠯᠥᠨ ᠵᠢᠯᠣᠭᠤᠳᠬᠤ ᠠᠵᠢᠯ ᠢ ᠵᠥᠪ ᠬᠢᠵᠦ᠂ ᠬᠡᠦᠬᠡᠳ ᠤᠨ ᠢᠶᠠᠨ ᠡᠳᠡᠭᠡᠷ ᠪᠣᠳᠤᠯ ᠰᠡᠳᠬᠢᠯᠭᠡ ᠶᠢ ᠣᠶᠢᠯᠠᠭᠠᠵᠤ᠂ ᠪᠤᠶ ᠪᠣᠯᠤᠭᠰᠠᠨ ᠰᠢᠯᠲᠠᠭᠠᠨ ᠢ ᠵᠠᠳᠠᠯᠵᠤ᠂ ᠬᠠᠨᠳᠤᠯᠭᠠᠲᠠᠢ ᠪᠠᠷ ᠵᠣᠷᠢᠭᠵᠢᠭᠤᠯᠤᠨ ᠳᠡᠮᠵᠢᠬᠦ ᠬᠡᠷᠡᠭᠲᠡᠶ᠃    10 . ᠰᠤᠷᠭᠠᠭᠤᠯᠢ ᠲᠠᠢ ᠬᠠᠮᠵᠢᠯᠴᠠᠨ ᠬᠢᠵᠢᠭ ᠢ ᠰᠡᠷᠭᠡᠶᠢᠯᠡᠬᠦ ᠵᠡᠷᠭᠡ ᠪᠡᠯᠡᠳᠬᠡᠯ ᠠᠵᠢᠯ ᠢ ᠥᠷᠨᠢᠭᠦᠯᠦᠨ᠎ᠡ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠰᠤᠷᠭᠠᠭᠤᠯᠢ ᠡᠬᠢᠯᠡᠬᠦ ᠠᠴᠠ ᠡᠮᠦᠨᠡᠬᠢ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠠᠭᠤᠮᠠᠭᠠᠶᠢᠷᠠᠵᠤ ᠪᠣᠯᠬᠤ ᠥᠬᠡᠶ᠃ ᠭᠡᠷ ᠤᠨ ᠠᠬᠠᠮᠠᠳ ᠥᠪᠡᠷ ᠤᠨ ᠪᠡᠶ᠎ᠡ ᠪᠠ ᠬᠡᠦᠬᠡᠳ ᠤᠨ ᠪᠡᠶ᠎ᠡ ᠶᠢᠨ ᠬᠠᠯᠠᠭᠤᠨ ᠢ ᠬᠡᠮᠵᠢᠬᠦ ᠶᠢ ᠤᠬᠠᠮᠰᠠᠷ ᠠᠴᠠ ᠪᠠᠨ ᠰᠠᠶᠢᠲᠤᠷ ᠬᠢᠵᠦ᠂ ᠬᠡᠷᠪᠡ ᠥᠨᠳᠥᠷ ᠬᠠᠯᠠᠭᠤᠷᠠᠬᠤ ᠪᠤᠶᠤ ᠪᠤᠰᠤᠳ ᠰᠡᠵᠢᠭᠯᠡᠯᠲᠡᠢ ᠡᠪᠡᠳᠴᠢᠨ ᠤ ᠰᠢᠨᠵᠢ ᠢᠯᠡᠷᠡᠪᠡᠯ ᠳᠠᠷᠦ᠋ᠢᠬᠠᠨ ᠰᠠᠶᠢᠲᠤᠷ ᠰᠡᠷᠭᠡᠶᠢᠯᠡᠨ ᠬᠠᠮᠠᠭᠠᠯᠠᠵᠤ᠂ ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ᠃ ᠡᠭᠦᠨ ᠠᠴᠠ ᠭᠠᠳᠠᠨ᠎ᠠ᠂ ᠪᠠᠭᠰᠢ ᠲᠠᠢ ᠤᠷᠢᠳᠴᠢᠯᠠᠨ ᠬᠠᠷᠢᠯᠴᠠᠵᠤ᠂ ᠰᠤᠷᠭᠠᠭᠤᠯᠢ ᠶᠢᠨ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠢᠳᠡᠪᠬᠢᠲᠡᠶ ᠬᠠᠮᠵᠢᠯᠴᠠᠨ ᠬᠡᠷᠡᠭᠵᠢᠭᠦᠯᠦᠨ᠎ᠡ᠃    ᠰᠤᠷᠤᠭᠴᠢ᠄ 8 ᠰᠤᠷᠤᠯᠴᠠᠬᠤ ᠳᠠᠳᠬᠠᠯ     ᠰᠡᠶᠢᠠ ᠰᠠᠶᠢᠬᠠᠨ ᠳᠠᠳᠬᠠᠯ ᠪᠣᠯ ᠬᠡᠦᠬᠡᠳ ᠤᠨ ᠬᠦᠷᠦᠩᠭᠡ ᠪᠠᠶᠢᠵᠤ᠂ ᠤᠢᠷᠳᠡᠭ ᠢ ᠲᠡᠰᠦᠷᠡᠯᠳᠠ ᠤᠢᠭᠡᠢ ᠨᠡᠮᠡᠭᠳᠡᠭᠦᠯᠳᠡᠭ᠂ ᠭᠡᠲᠡᠯ᠎ᠡ ᠬᠥᠮᠦᠨ ᠤ ᠨᠢᠭᠡ ᠨᠠᠰᠤ ᠪᠣᠯ ᠲᠡᠭᠦᠨ ᠤ ᠬᠦᠦ ᠮᠥᠩᠭᠦ ᠶᠢ ᠡᠳ᠋ᠯᠡᠳᠡᠭ᠃ ᠭᠡᠷ ᠤᠨ ᠠᠬᠠᠮᠠᠳ ᠰᠤᠷᠭᠠᠭᠤᠯᠢ ᠡᠬᠢᠯᠡᠬᠦ ᠠᠴᠠ ᠡᠮᠦᠨ᠎ᠡ ᠳᠣᠣᠷᠠᠬᠢ 8 ᠵᠦᠢᠯ ᠤᠨ ᠰᠤᠷᠤᠯᠴᠠᠬᠤ ᠳᠠᠳᠬᠠᠯ ᠢᠶᠠᠷ ᠬᠡᠦᠬᠡᠳ ᠢ ᠠᠭᠠᠵᠢᠮ ᠢᠶᠠᠷ ᠬᠠᠪᠰᠤᠷᠴᠤ ᠬᠥᠮᠦᠵᠢᠭᠦᠯᠵᠦ ᠪᠣᠯᠤᠨ᠎ᠠ᠄    1 . ᠨᠣᠮ ᠤᠩᠰᠢᠬᠤ ᠳᠠᠳᠬᠠᠯ᠃ ᠳᠤᠮᠳᠠᠳᠤ ᠭᠠᠳᠠᠭᠠᠳᠤ ᠶᠢᠨ ᠨᠡᠷᠡᠲᠦ ᠵᠣᠬᠢᠶᠠᠯ ᠪᠤᠶᠤ ᠠᠭᠤᠤ ᠬᠥᠮᠦᠰ ᠤᠨ ᠨᠠᠮᠲᠠᠷ ᠢ ᠤᠩᠰᠢᠵᠤ᠂ ᠳᠡᠭᠡᠳᠦ ᠳᠡᠰ ᠤᠨ ᠦᠵᠡᠯ ᠰᠠᠨᠠᠭ᠎ᠠ ᠲᠠᠢ ᠰᠣᠯᠢᠯᠴᠠᠵᠤ᠂ ᠡᠳᠦᠷ ᠪᠦᠷᠢ ᠨᠢᠭᠡ ᠬᠤᠶᠠᠷ ᠮᠢᠨᠦ᠋ᠲ ᠤᠩᠰᠢᠪᠠᠯ ᠰᠠᠶᠢᠨ ᠲᠠᠯ᠎ᠠ ᠲᠠᠢ᠂ ᠬᠡᠦᠬᠡᠳ ᠤᠨ ᠬᠡᠪᠰᠢᠮᠡᠭᠡᠶ ᠴᠢᠨᠠᠷ ᠨᠢ ᠴᠢᠩᠭ᠎ᠠ ᠪᠠᠶᠢᠵᠤ᠂ ᠨᠡᠷᠡᠲᠦ ᠪᠠᠭᠰᠢ ᠲᠠᠢ ᠬᠠᠮᠲᠤ᠂ ᠠᠭᠤᠤ ᠬᠥᠮᠦᠨ ᠲᠠᠢ ᠬᠠᠮᠲᠤ ᠪᠠᠶᠢᠬᠤ ᠦᠶᠡᠰ᠂ ᠶᠠᠷᠢᠶᠠᠨ ᠦᠭᠡᠶ ᠮᠠᠰᠢ ᠣᠯᠠᠨ ᠰᠤᠷᠭᠠᠨ ᠬᠥᠮᠦᠵᠢᠯ ᠢ ᠭᠦᠷᠲᠡᠵᠦ᠂ ᠲᠡᠷᠡ ᠨᠢ ᠳᠠᠳᠬᠠᠯ ᠪᠣᠯᠵᠤ ᠪᠦᠷᠢᠯᠳᠦᠪᠡᠯ᠂ ᠨᠠᠰᠤᠨ ᠲᠤᠷᠰᠢᠳᠠ ᠠᠰᠢᠭ ᠬᠦᠷᠲᠡᠬᠦ ᠪᠣᠯᠤᠨ᠎ᠠ᠃    2 . ᠵᠣᠬᠢᠶᠠᠨ ᠪᠢᠴᠢᠬᠦ ᠳᠠᠳᠬᠠᠯ᠃ ᠡᠳᠦᠷ ᠤᠨ ᠲᠡᠮᠳᠡᠭᠯᠡᠯ ᠪᠢᠴᠢᠬᠦ ᠳᠤ ᠪᠢᠴᠢᠬᠦ ᠶᠠᠭᠤᠮ᠎ᠠ ᠪᠠᠶᠢᠪᠠᠯ ᠤᠷᠲᠤ ᠪᠢᠴᠢᠵᠦ᠂ ᠪᠢᠴᠢᠬᠦ ᠶᠠᠭᠤᠮ᠎ᠠ ᠦᠭᠡᠢ ᠪᠣᠯ ᠣᠬᠤᠷ ᠪᠢᠴᠢᠵᠦ᠂ ᠡᠳᠦᠷ ᠤᠨ ᠲᠡᠮᠳᠡᠭᠯᠡᠯ ᠢᠶᠠᠷ ᠳᠠᠮᠵᠢᠨ ᠨᠢᠭᠡ ᠬᠥᠮᠦᠨ ᠤ ᠦᠵᠡᠯ ᠰᠠᠨᠠᠭ᠎ᠠ᠂ ᠲᠤᠭᠤᠰᠢᠲᠠᠢ ᠵᠠᠩ ᠴᠢᠨᠠᠷ ᠢ ᠦᠵᠡᠵᠦ ᠭᠠᠷᠤᠨ᠎ᠠ᠂ ᠡᠳᠦᠷ ᠤᠨ ᠲᠡᠮᠳᠡᠭᠯᠡᠯ ᠠᠴᠠ ᠰᠤᠷᠤᠭᠴᠢ ᠶᠢᠨ ᠬᠢᠷᠢ ᠲᠦᠪᠰᠢᠨ ᠢ ᠦᠵᠡᠵᠦ ᠭᠠᠷᠤᠨ᠎ᠠ᠂ ᠨᠢᠭᠡ ᠮᠢᠨᠦ᠋ᠲ ᠲᠤ ᠭᠤᠴᠢ ᠠᠴᠠ ᠲᠠᠪᠢᠨ ᠦᠰᠦᠭ ᠪᠢᠴᠢᠬᠦ ᠶᠢ ᠪᠠᠷᠢᠮᠲᠠᠯᠠᠵᠤ᠂ ᠪᠢᠴᠢᠭᠡᠳ ᠪᠠᠶᠢᠪᠠᠯ ᠳᠠᠷᠤᠢ ᠡᠷᠡᠰ ᠵᠣᠷᠢᠭ ᠡᠷᠴᠢᠯᠡᠭᠳᠡᠨ᠎ᠡ᠃    3 ᠲᠥᠯᠥᠪᠯᠡᠭᠡ ᠲᠣᠭᠲᠠᠭᠠᠬᠤ ᠳᠠᠳᠬᠠᠯ᠃ ᠠᠯᠢᠪᠠ ᠶᠠᠪᠤᠳᠠᠯ ᠪᠡᠯᠡᠳᠬᠡᠯ ᠲᠠᠢ ᠪᠣᠯ ᠪᠦᠲᠦᠵᠦ᠂ ᠪᠡᠯᠡᠳᠬᠡᠯ ᠦᠭᠡᠢ ᠪᠣᠯ ᠪᠠᠯᠠᠷᠠᠨ᠎ᠠ᠃ ᠰᠤᠷᠤᠯᠭ᠎ᠠ ᠳᠤ ᠪᠠᠨ ᠬᠤᠴᠤᠷᠴᠤ ᠪᠠᠶᠢᠭ᠎ᠠ ᠰᠤᠷᠤᠭᠴᠢ ᠶᠢᠨ ᠭᠡᠮ ᠨᠢ ᠪᠦᠷ ᠲᠥᠯᠥᠪᠯᠡᠭᠡᠲᠦ ᠴᠢᠨᠠᠷ ᠢᠶᠠᠷ ᠴᠢᠩᠭ᠎ᠠ ᠪᠢᠰᠢ᠂ ᠬᠥᠮᠦᠨ ᠤ ᠠᠯᠪᠠᠳᠠᠯᠭ᠎ᠠ ᠳᠣᠣᠷ᠎ᠠ ᠬᠢᠳᠡᠭ ᠲᠤ ᠪᠠᠶᠢᠵᠤ᠂ ᠰᠢᠯᠢᠳᠡᠭ ᠰᠤᠷᠤᠭᠴᠢ ᠶᠢᠨ ᠳᠠᠪᠠᠭᠤᠯᠢᠭ ᠲᠠᠯ᠎ᠠ ᠨᠢ ᠳᠠᠷᠤᠶ ᠥᠪᠡᠷ ᠤᠨ ᠶᠠᠭᠤ ᠬᠢᠬᠦ ᠪᠠᠨ ᠮᠡᠳᠡᠬᠦ ᠳᠤ ᠪᠠᠶᠢᠨ᠎ᠠ᠃    4 . ᠤᠷᠢᠳᠴᠢᠯᠠᠨ ᠰᠤᠷᠬᠤ ᠳᠠᠳᠬᠠᠯ᠃ ᠰᠤᠷᠤᠭᠴᠢ ᠬᠡᠷᠪᠡ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠶᠢ ᠮᠡᠳᠡᠬᠦ ᠦᠭᠡᠢ ᠪᠣᠯ ᠬᠠᠮᠤᠭ ᠤᠨ ᠳᠥᠭᠦᠮ ᠤᠴᠢᠷ ᠢ ᠴᠤ ᠪᠠᠭᠰᠢ ᠶᠢᠨ ᠢᠶᠠᠨ ᠬᠡᠯᠡᠬᠦ ᠶᠢ ᠬᠦᠯᠢᠶᠡᠨ᠎ᠡ᠂ ᠢᠩᠭᠢᠪᠡᠯ ᠰᠠᠶᠢᠨ ᠬᠢᠷᠢ ᠪᠦᠲᠦᠮᠵᠢ ᠣᠯᠬᠤ ᠳᠤ ᠬᠦᠴᠢᠷ ᠪᠣᠯᠤᠨ᠎ᠠ᠃    5 . ᠪᠠᠭ᠎ᠠ ᠤᠴᠢᠷ ᠢ ᠳᠠᠷᠤᠢ ᠳᠤ ᠨᠢ ᠪᠡᠶᠡᠯᠡᠭᠦᠯᠬᠦ ᠳᠠᠳᠬᠠᠯ᠃ ᠡᠨᠡ ᠪᠣᠯ ᠮᠠᠰᠢ ᠴᠢᠬᠤᠯᠠ ᠨᠢᠭᠡ ᠳᠠᠳᠬᠠᠯ᠃ ᠶᠡᠭᠡ ᠬᠠᠷᠠᠯᠲᠠ ᠳᠤ ᠬᠦᠷᠴᠦ ᠳᠡᠶᠢᠯᠬᠦ ᠦᠭᠡᠢ ᠪᠣᠯ ᠳᠠᠷᠤᠢ ᠳᠤ ᠨᠢ ᠥᠳᠲᠡᠷ ᠲᠦᠷᠭᠡᠨ ᠪᠠᠭ᠎ᠠ ᠬᠠᠷᠠᠯᠲᠠ ᠶᠢ ᠲᠣᠭᠲᠠᠭ᠎ᠠ᠃ ᠬᠦᠴᠢᠷ ᠰᠡᠳᠦᠪ ᠢ ᠬᠢᠵᠦ ᠳᠡᠶᠢᠯᠬᠦ ᠦᠭᠡᠢ ᠪᠣᠯ ᠥᠪᠡᠷ ᠤᠨ ᠪᠡᠶ᠎ᠡ ᠳᠤ ᠪᠠᠨ ᠲᠣᠬᠢᠷᠠᠬᠤ᠂ ᠠᠮᠠᠷᠬᠠᠨ ᠬᠢᠬᠦ ᠰᠡᠳᠦᠪ ᠢ ᠰᠣᠩᠭᠤᠵᠤ ᠬᠢᠨ᠎ᠡ᠃     6 . ᠥᠪᠡᠰᠦᠪᠡᠨ ᠳᠠᠰᠬᠠᠯ ᠦᠯᠡᠳᠡᠭᠡᠬᠦ ᠳᠠᠳᠬᠠᠯ᠃ ᠳᠡᠭᠡᠷ᠎ᠡ ᠠᠩᠭᠢ ᠶᠢᠨ ᠰᠤᠷᠤᠭᠴᠢ ᠳᠤ ᠠᠪᠴᠤ ᠬᠡᠯᠡᠪᠡᠯ ᠪᠠᠭᠰᠢ ᠶᠢᠨ ᠦᠯᠡᠳᠡᠭᠡᠭᠰᠡᠨ ᠳᠠᠰᠬᠠᠯ ᠨᠢ ᠰᠤᠷᠤᠭᠴᠢ ᠪᠣᠯᠭᠠᠨ ᠳᠤ ᠲᠣᠬᠢᠷᠠᠬᠤ ᠦᠭᠡᠢ ᠮᠠᠭᠠᠳ᠃ ᠬᠡᠦᠬᠡᠳ ᠪᠠ ᠪᠠᠭᠰᠢ ᠶᠢ ᠬᠥᠲᠥᠯᠥᠨ ᠵᠢᠯᠣᠭᠤᠳᠴᠤ ᠥᠪᠡᠷ ᠤᠨ ᠪᠡᠶ᠎ᠡ ᠳᠤ ᠨᠢ ᠲᠣᠬᠢᠷᠠᠬᠤ ᠬᠢᠴᠢᠶᠡᠯ ᠤᠨ ᠳᠠᠷᠠᠭᠠᠬᠢ ᠳᠠᠰᠬᠠᠯ ᠦᠯᠡᠳᠡᠭᠡᠬᠦ ᠶᠢ ᠵᠥᠪᠳᠡᠯᠴᠡᠵᠦ᠂ ᠯᠠᠪᠳᠠᠭᠤᠨ ᠪᠠᠲᠤᠲᠠᠶ ᠬᠢᠵᠦ᠂ ᠰᠤᠷᠤᠯᠴᠠᠪᠠᠯ ᠣᠯᠤᠯᠲᠠ ᠲᠠᠢ ᠪᠣᠯᠭᠠᠨ᠎ᠠ᠃     7 . ᠪᠤᠷᠤᠭᠤ ᠬᠢᠭᠰᠡᠨ ᠰᠡᠳᠦᠪ ᠢᠶᠠᠨ ᠡᠮᠬᠢᠯᠡᠬᠦ ᠳᠠᠳᠬᠠᠯ᠃ ᠤᠳᠠᠭ᠎ᠠ ᠪᠦᠷᠢ ᠶᠢᠨ ᠰᠢᠯᠭᠠᠯᠲᠠ ᠶᠢᠨ ᠳᠠᠷᠠᠭ᠎ᠠ᠂ ᠬᠡᠷᠬᠢᠨ ᠪᠤᠷᠤᠭᠤ ᠬᠢᠭᠰᠡᠨ ᠰᠡᠳᠦᠪ ᠢ ᠡᠮᠬᠢᠯᠡᠬᠦ ᠪᠤᠢ︖ ᠠᠳᠠᠯᠢ ᠲᠦᠷᠦᠯ ᠤᠨ ᠰᠡᠳᠦᠪ᠂ ᠠᠳᠠᠯᠢ ᠬᠡᠮᠵᠢᠶᠡᠨ ᠤ ᠮᠡᠳᠡᠯᠭᠡ ᠶᠢᠨ ᠴᠡᠭ ᠢ ᠡᠷᠢᠨ ᠣᠯᠵᠤ ᠳᠡᠭᠡᠭᠰᠢᠯᠡᠭᠦᠯᠬᠦ ᠠᠷᠭ᠎ᠠ ᠶᠢ ᠰᠤᠳᠤᠯᠤᠨ᠎ᠠ᠃ ᠪᠤᠷᠤᠭᠤ ᠬᠢᠭᠰᠡᠨ ᠰᠡᠳᠦᠪ ᠤᠨ ᠴᠤᠭᠯᠠᠷᠠᠯ ᠢ ᠡᠮᠬᠢᠯᠡᠬᠦ ᠪᠣᠯ ᠮᠠᠰᠢ ᠣᠯᠠᠨ ᠰᠤᠷᠤᠭᠴᠢ ᠶᠢᠨ ᠨᠡᠶᠢᠲᠡ ᠪᠠᠷ ᠢᠶᠠᠨ ᠮᠡᠳᠡᠷᠡᠭᠰᠡᠨ ᠰᠠᠶᠢᠨ ᠳᠠᠳᠬᠠᠯ᠃     8 . ᠮᠠᠲ᠋ᠧᠷᠢᠶᠠᠯ ᠰᠣᠩᠭᠤᠬᠤ᠂ ᠳ᠋ᠦᠩᠨᠡᠯᠲᠡ ᠬᠢᠬᠦ ᠳᠠᠳᠬᠠᠯ᠃ ᠬᠡᠦᠬᠡᠳ ᠢ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠤᠷᠤᠯᠴᠠᠬᠤ ᠮᠠᠲ᠋ᠧᠷᠢᠶᠠᠯ ᠰᠣᠩᠭᠤᠬᠤ ᠶᠢ ᠬᠥᠲᠥᠯᠥᠨ ᠵᠢᠯᠣᠭᠤᠳᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号