| ᠠᠵᠤ ᠦᠢᠯᠡᠰ ᠤᠨ ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠨ᠂ ᠬᠡᠯᠪᠡᠷᠢ ᠪᠠᠨ ᠬᠤᠪᠢᠷᠠᠭᠤᠯᠵᠤ ᠳᠡᠰ | ᠳᠡᠪᠰᠢᠬᠦ ᠰᠠᠶᠢᠨ ᠬᠠᠨᠳᠤᠰᠢ ᠲᠠᠢ ᠪᠤᠯᠤᠭᠰᠠᠨ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ | ᠬᠢᠷᠢ ᠲᠦᠪᠰᠢᠨ ᠢᠯᠡᠳᠲᠡ ᠳᠡᠭᠡᠭᠰᠢᠯᠡᠪᠡ᠃ 《 ᠬᠤᠨᠢ ᠶᠢ ᠴᠥᠭᠡᠳᠬᠡᠨ᠂ ᠦᠬᠡᠷ ᠢ ᠨᠡᠮᠡᠭᠳᠡᠭᠦᠯᠬᠦ 》 | ᠪᠠᠶᠢᠯᠳᠤᠬᠤ ᠪᠣᠳᠣᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠂ ᠬᠤᠨᠢᠨ ᠤ ᠲᠤᠭ᠎ᠠ 18 ᠲᠦᠮᠡ ᠪᠠᠭᠤᠷᠠᠵᠤ᠂ ᠰᠠᠶᠢᠨ | ᠡᠭᠦᠯᠳᠡᠷ ᠤᠨ ᠮᠢᠬᠠᠨ ᠤ ᠦᠬᠡᠷ 11.5 ᠲᠦᠮᠡᠨ ᠲᠣᠯᠣᠭᠠᠢ ᠳᠤ ᠬᠦᠷᠦᠭᠡᠳ᠂ 2000 ᠦᠬᠡᠷ ᠤᠨ ᠭᠡᠪᠴᠢᠶ᠎ᠡ | ᠲᠠᠢ ᠪᠣᠷᠳᠣᠨ ᠲᠠᠷᠭᠤᠯᠠᠭᠤᠯᠬᠤ ᠲᠠᠯᠠᠪᠠᠢ 2 ᠰᠠᠭᠤᠷᠢ᠂ 2000 ᠦᠬᠡᠷ ᠤᠨ ᠭᠡᠪᠴᠢᠶ᠎ᠡ ᠲᠠᠢ ᠦᠷᠡᠵᠢᠭᠦᠯᠦᠨ | ᠪᠣᠶᠢᠵᠢᠭᠤᠯᠬᠤ ᠲᠠᠯᠠᠪᠠᠢ 1 ᠰᠠᠭᠤᠷᠢ ᠶᠢ ᠪᠠᠶᠢᠭᠤᠯᠵᠤ᠂ 100 ᠠᠴᠠ ᠲᠡᠭᠡᠭᠰᠢ ᠦᠬᠡᠷ ᠪᠤᠷᠳᠤᠬᠤ 4 ᠡᠷᠦᠬᠡ ᠲᠠᠢ | ᠭᠡᠷ᠎ᠡ ᠲᠤᠭᠳᠠᠵᠠᠢ᠃ ᠭᠧ ᠷᠦᠢ ᠳ᠋ᠧ᠂ ᠬᠤᠩ ᠵᠢᠩ ᠶᠤᠸᠠᠨ᠂ ᠿᠢ ᠱᠧᠩ ᠴᠠᠩ ᠵᠡᠷᠭᠡ ᠲᠠᠭᠠᠭᠤᠯᠤᠭᠴᠢ ᠠᠵᠤ | ᠠᠬᠤᠶᠢᠯᠠᠯ ᠳᠤ ᠲᠦᠰᠢᠭᠯᠡᠨ᠂ 《 ᠲᠠᠭᠠᠭᠤᠯᠤᠭᠴᠢ ᠠᠵᠤ ᠠᠬᠤᠶᠢᠯᠠᠯ + ᠰᠠᠭᠤᠷᠢᠨ ᠭᠠᠵᠠᠷ 》 ᠬᠡᠯᠪᠡᠷᠢᠳᠦ ᠠᠵᠤ | ᠦᠢᠯᠡᠰᠵᠢᠭᠰᠡᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠥᠮᠥᠰᠥ᠂ ᠶᠠᠮᠠ ᠶᠢᠨ ᠦᠷ᠎ᠡ᠂ ᠶᠤᠤᠮᠠᠢ᠂ ᠪᠤᠭᠤᠳᠠᠢ᠂ | ᠡᠮ ᠤᠨ ᠮᠠᠲ᠋ᠧᠷᠢᠶᠠᠯ᠂ ᠣᠷᠭᠠᠨᠢᠭ ᠢᠳᠡᠰᠢᠨ ᠨᠣᠭᠤᠭ᠎ᠠ᠂ ᠰᠢᠬᠢᠷ ᠯᠤᠤᠪᠠᠩ᠂ ᠥᠨᠳᠥᠷ ᠤᠨᠠᠯᠳᠠᠳᠤ ᠲᠡᠵᠢᠭᠡᠯ | ᠪᠣᠷᠳᠤᠭ᠎ᠠ᠂ ᠴᠢᠨᠠᠷ ᠰᠠᠶᠢᠲᠠᠶ ᠨᠡᠷᠡᠨ ᠬᠤᠸᠠᠷ᠂ ᠢᠨᠳᠢᠶᠠᠨ ᠪᠤᠭᠤᠳᠠᠢ ᠲᠠᠷᠢᠬᠤ ᠪᠠᠷ ᠭᠤᠣᠯ ᠪᠣᠯᠭᠠᠭᠰᠠᠨ 10 | ᠵᠤᠷᠪᠤᠰ ᠦᠢᠯᠡᠳᠪᠦᠷᠢᠯᠡᠯ ᠡᠳ᠋ᠰᠢᠬᠦᠯᠦᠯᠳᠡ ᠪᠤᠷᠤᠯᠠᠭᠤᠯᠭ᠎ᠠ ᠶᠢᠨ ᠬᠡᠯᠬᠢᠶᠡᠰᠦ ᠠᠩᠬ᠎ᠠ ᠠᠯᠬᠤᠮ ᠭᠡᠪᠴᠢᠶᠡᠵᠢᠭᠡᠳ᠂ | ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠤᠳᠤ ᠦᠶ᠎ᠡ ᠶᠢᠨ ᠲᠠᠷᠢᠶᠠᠯᠠᠩ ᠤᠨ | ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠦᠳᠦᠬᠡᠨ ᠪᠠᠶᠢᠭᠤᠯᠤᠯᠳᠠ ᠡᠬᠢᠯᠡᠭᠰᠡᠨ ᠪᠠᠶᠢᠨ᠎ᠠ᠃ ᠠᠵᠤ ᠦᠶᠯᠡᠳᠪᠦᠷᠢ | ᠶᠢᠨ ᠠᠵᠤ ᠠᠬᠤᠢ ᠶᠢᠨ ᠪᠣᠳᠠᠲᠤ ᠬᠦᠴᠦᠨ ᠢᠯᠡᠳᠲᠡ ᠴᠢᠩᠭᠠᠷᠠᠪᠠ᠃ ᠠᠵᠤ ᠦᠶᠯᠡᠳᠪᠦᠷᠢ ᠪᠠᠷ ᠬᠤᠰᠢᠭᠤ ᠪᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠭᠡᠷᠡᠭᠵᠢᠬᠦᠯᠵᠦ᠂ ᠲᠠᠭᠠᠭᠤᠯᠤᠭᠴᠢ ᠶᠢ ᠬᠦᠴᠦᠷᠭᠡᠭᠵᠢᠬᠦᠯᠬᠦ | ᠂ ᠬᠡᠯᠬᠢᠶᠡᠰᠦ ᠶᠢ ᠨᠦᠬᠦᠪᠦᠷᠢᠯᠡᠬᠦ᠂ ᠠᠵᠤ ᠠᠬᠤᠶᠢᠯᠠᠯ ᠢ ᠲᠦᠪᠯᠡᠷᠡᠬᠦᠯᠬᠦ ᠶᠢ ᠪᠠᠷᠢᠮᠳᠠᠯᠠᠨ᠂ ᠲᠠᠩ ᠾᠧ ᠵᠤᠬᠢᠶᠠᠮᠠᠯ | ᠠᠯᠮᠠᠰ ᠤᠨ ᠦᠢᠯᠡᠳᠪᠦᠷᠢ᠂ ᠡᠤ ᠹᠧᠩ ᠮᠢᠬᠠᠨ ᠤ ᠦᠬᠡᠷ ᠨᠠᠷᠢᠯᠢᠭ ᠡᠳ᠋ᠰᠢᠭᠦᠯᠬᠦ ᠲᠦᠷᠦᠯ ᠵᠦᠢᠯ᠂ ᠪᠠᠶ ᠬᠤᠶ ᠱᠧᠩ | ᠰᠢᠬᠢᠷ ᠤᠨ ᠦᠢᠯᠡᠳᠪᠦᠷᠢ᠂ ᠱᠧᠩ ᠲᠠᠢ ᠡᠯ ᠡᠮ ᠤᠨ ᠦᠢᠯᠡᠳᠪᠦᠷᠢ᠂ ᠰᠢᠶᠦ᠋ᠩ ᠠᠨ ᠴᠠᠭᠠᠰᠤ ᠰᠦᠯᠢᠶᠣᠣ | ᠪᠦᠲᠦᠭᠡᠭᠳᠡᠬᠦᠨ ᠤ ᠦᠢᠯᠡᠳᠪᠦᠷᠢ᠂ 85 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠲᠦᠷᠦᠯ ᠵᠦᠢᠯ ᠵᠡᠷᠭᠡ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ | ᠲᠥᠷᠥᠯ ᠵᠦᠢᠯ 12 ᠢ ᠤᠷᠤᠭᠤᠯᠤᠨ ᠠᠪᠴᠢᠷᠠᠵᠤ᠂᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ | ᠠᠵᠤ ᠠᠬᠤᠶᠢᠯᠠᠯ 19 ᠡᠷᠦᠬᠡ ᠳᠤ ᠬᠦᠷᠦᠭᠡᠳ᠂ ᠠᠵᠤ ᠦᠶᠯᠡᠳᠪᠦᠷᠢ ᠶᠢᠨ ᠭᠠᠶᠢᠯᠢ ᠶᠢᠨ ᠡᠵᠡᠯᠡᠬᠦ ᠬᠠᠷᠢᠴᠠᠯ 45 | % ᠶᠢ ᠲᠠᠪᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠲᠤᠨᠤᠭ | ᠲᠦᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ ᠦᠢᠯᠡᠳᠬᠦ᠂ ᠳᠡᠭᠡᠳᠦ ᠰᠢᠨ᠎ᠡ ᠮᠡᠷᠭᠡᠵᠢᠯ ᠪᠠ ᠬᠥᠩᠭᠡᠨ ᠠᠵᠤ | ᠦᠶᠯᠡᠳᠪᠦᠷᠢ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ ᠢᠶᠠᠷ ᠨᠢᠷᠤᠭᠤ ᠪᠤᠯᠭᠠᠵᠤ᠂ ᠮᠢᠬ᠎ᠠ᠂ ᠠᠷᠢᠬᠢ᠂ | ᠲᠣᠰᠣ᠂ ᠰᠢᠬᠢᠷ᠂ ᠡᠮ᠂ ᠰᠦᠯᠢᠶᠤᠤ᠂ ᠴᠠᠬᠢᠯᠭᠠᠨ ᠢᠶᠠᠷ ᠲᠤᠯᠭᠠᠭᠤᠷᠢ ᠪᠣᠯᠭᠠᠭᠰᠠᠨ ᠣᠳᠣ ᠦᠶ᠎ᠡ ᠶᠢᠨ ᠠᠵᠤ | ᠦᠶᠯᠡᠳᠪᠦᠷᠢ ᠶᠢᠨ ᠰᠢᠰᠲ᠋ᠧᠮ ᠠᠩᠬ᠎ᠠ ᠠᠯᠬᠤᠮ ᠲᠦᠯᠦᠪᠰᠢᠷᠡᠨ ᠪᠦᠷᠢᠯᠳᠦᠵᠡᠢ᠃ ᠪᠤᠤᠴᠠᠩ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ | ᠬᠦᠷᠢᠶᠡᠯᠡᠩ ᠲᠣᠭᠤᠷᠢᠭ ᠪᠣᠯᠤᠨ ᠳᠡᠰ ᠳᠡᠪᠰᠢᠵᠦ᠂ ᠣᠷᠣᠵᠤ ᠨᠤᠳᠤᠭᠰᠢᠭᠰᠠᠨ ᠠᠵᠤ ᠠᠬᠤᠶᠢᠯᠠᠯ 17 ᠡᠷᠦᠬᠡ | ᠪᠠᠶᠢᠭᠰᠠᠨ ᠠᠴᠠ ᠪᠠᠨ 55 ᠡᠷᠦᠬᠡ ᠪᠤᠯᠵᠤ ᠨᠡᠮᠡᠭᠳᠡᠨ᠂ ᠠᠵᠤ ᠦᠶᠯᠡᠳᠪᠦᠷᠢ ᠶᠢᠨ ᠠᠵᠤ ᠦᠢᠯᠡᠰ ᠤᠨ ᠲᠥᠷᠥᠯ 4 | ᠶᠡᠭᠡ ᠲᠥᠷᠥᠯ ᠪᠠᠶᠢᠭᠰᠠᠨ ᠠᠴᠠ ᠪᠠᠨ 10 ᠶᠡᠭᠡ ᠲᠥᠷᠥᠯ ᠪᠣᠯᠤᠨ ᠨᠡᠮᠡᠭᠳᠡᠵᠦ᠂ ᠠᠵᠤ ᠦᠶᠯᠡᠳᠪᠦᠷᠢ ᠶᠢᠨ | ᠦᠢᠯᠡᠳᠬᠦᠨ 10 ᠵᠦᠢᠯ ᠪᠠᠶᠢᠭᠰᠠᠨ ᠠᠴᠠ ᠪᠠᠨ ᠵᠠᠭᠤᠭᠠᠳ ᠵᠦᠢᠯ ᠪᠤᠯᠵᠤ ᠨᠡᠮᠡᠭᠳᠡᠨ᠂ ᠠᠵᠢᠯ ᠤᠯᠭᠤᠯᠳᠠ ᠶᠢᠨ | ᠬᠡᠮᠵᠢᠶ᠎ᠡ 1500 ᠬᠥᠮᠦᠨ ᠪᠠᠶᠢᠭᠰᠠᠨ ᠠᠴᠠ ᠪᠠᠨ 3100 ᠬᠥᠮᠦᠨ ᠪᠤᠯᠵᠤ ᠨᠡᠮᠡᠭᠳᠡᠭᠰᠡᠨ ᠪᠠᠶᠢᠨ᠎ᠠ᠃ | ᠭᠤᠷᠪᠠᠳᠤᠭᠠᠷ ᠠᠵᠤ ᠦᠢᠯᠡᠰ ᠤᠨ ᠳᠠᠪᠠᠭᠤᠯᠢᠭ ᠡᠳᠦᠷ ᠢᠷᠡᠬᠦᠶ᠎ᠡ ᠲᠤᠪᠤᠶᠢᠭᠰᠠᠨ᠃ ᠠᠳᠤᠭᠤᠨ ᠤ ᠠᠵᠤ ᠦᠢᠯᠡᠰ | ᠦᠷᠭᠦᠯᠵᠢᠯᠡᠨ ᠡᠷᠡᠭᠦᠯ ᠢᠶᠠᠷ ᠬᠥᠭᠵᠢᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠪᠦᠳᠦᠴᠡ ᠠᠯᠬᠤᠮ | ᠠᠯᠬᠤᠮ ᠢᠶᠠᠷ ᠪᠦᠷᠢᠯᠳᠦᠨ᠂ ᠵᠢᠭᠤᠯᠴᠢᠯᠠᠭᠴᠢ ᠳᠤ ᠦᠢᠯᠡᠴᠢᠯᠡᠬᠦ ᠲᠥᠪ ᠤᠨ ᠪᠦᠳᠦᠬᠡᠨ ᠪᠠᠶᠢᠭᠤᠯᠤᠯᠳᠠ ᠲᠦᠷᠭᠡᠨ | ᠠᠬᠢᠵᠤ᠂ ᠬᠠᠭᠠᠨ ᠤ ᠠᠳᠤᠭᠤᠨ ᠵᠤᠰᠠᠭᠠᠯ ᠦᠵᠡᠮᠵᠢ ᠶᠢᠨ ᠤᠷᠤᠨ᠂ ᠪᠢᠶᠠᠨ ᠴᠢᠶᠠᠩ ᠵᠢᠭᠤᠯᠠᠴᠢᠯᠠᠯ ᠤᠨ ᠲᠣᠰᠬᠤᠨ | ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠠᠩᠬ᠎ᠠ ᠠᠯᠬᠤᠮ ᠭᠡᠪᠴᠢᠶᠡᠵᠢᠨ᠂ ᠰᠣᠶᠣᠯ ᠵᠢᠭᠤᠯᠴᠢᠯᠠᠯ ᠤᠨ ᠨᠡᠷᠡᠲᠦ | ᠲᠡᠮᠳᠡᠭ ᠪᠤᠯᠤᠭᠰᠠᠨ ᠦᠵᠡᠮᠵᠢ ᠶᠢᠨ ᠣᠷᠣᠨ 9 ᠡᠷᠦᠬᠡ᠂ ᠮᠠᠯᠵᠢᠬᠤ ᠲᠠᠷᠢᠶᠠᠯᠠᠬᠤ ᠤᠷᠤᠨ ᠤ ᠵᠢᠭᠤᠯᠴᠢᠯᠠᠯ ᠤᠨ | ᠴᠡᠭ 90 ᠡᠷᠦᠬᠡ ᠳᠤ ᠬᠦᠷᠴᠦ᠂ ᠪᠣᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠨᠢ ᠪᠦᠬᠦ ᠤᠯᠤᠰ ᠤᠨ | ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠ ᠦᠵᠡᠰᠬᠦᠯᠡᠩᠲᠦ ᠰᠠᠶᠢᠬᠠᠨ ᠰᠡᠯᠡᠭᠦᠴᠡᠯ | ᠤᠨ ᠲᠣᠰᠬᠤᠨ ᠢᠶᠠᠷ ᠦᠨᠡᠯᠡᠭᠳᠡᠵᠡᠢ᠃ ᠤᠯᠤᠰ᠂ ᠣᠷᠣᠨ ᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠲᠥᠷᠥᠯ ᠵᠦᠶᠯ ᠢ ᠭᠦᠨᠵᠡᠭᠡᠶ ᠬᠡᠷᠡᠭᠵᠢᠭᠦᠯᠵᠦ᠂ ᠤᠯᠤᠰ | ᠤᠨ ᠲᠠᠰ ᠤᠨ ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠡ ᠶᠢᠨ ᠲᠠᠰ ᠳᠡᠪᠰᠢᠭᠰᠡᠨ ᠭᠡᠪ ᠤᠨ ᠣᠷᠣᠨ ᠪᠤᠯᠤᠭᠠᠳ᠂ | ᠬᠦᠮᠦᠷᠭᠡᠯᠡᠨ ᠬᠠᠳᠠᠭᠠᠯᠠᠵᠤ ᠲᠤᠬᠢᠷᠠᠭᠤᠯᠤᠨ ᠬᠦᠷᠭᠡᠬᠦ ᠲᠥᠪ᠂ ᠣᠨᠴᠠ ᠭᠠᠷᠤᠯᠲᠠ ᠡᠳ᠋ᠰᠢᠬᠦᠯᠦᠨ ᠪᠣᠯᠪᠠᠰᠤᠷᠠᠭᠤᠯᠬᠤ | ᠠᠵᠤ ᠦᠶᠯᠡᠰ ᠤᠨ ᠬᠦᠷᠢᠶᠡᠯᠡᠩ ᠵᠡᠷᠭᠡ ᠲᠥᠷᠥᠯ ᠵᠦᠶᠯ ᠠᠰᠢᠭᠯᠠᠯᠲᠠ ᠳᠤ ᠣᠷᠣᠵᠤ᠂ ᠲᠦᠷᠭᠡᠨ ᠬᠦᠷᠭᠡᠯᠲᠡ ᠶᠢᠨ | ᠠᠵᠤ ᠠᠬᠤᠶᠢᠯᠠᠯ 11 ᠡᠷᠦᠬᠡ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 41 ᠡᠷᠦᠬᠡ᠂ ᠰᠦᠯᠵᠢᠶᠡᠨ ᠤ | ᠠᠷᠠᠯᠵᠢᠶᠠᠴᠢᠨ 943 ᠡᠷᠦᠬᠡ ᠳᠤ ᠬᠦᠷᠴᠦ᠂ ᠠᠷᠠᠯᠵᠢᠶᠠᠨ ᠤ ᠬᠡᠮᠵᠢᠶ᠎ᠡ 13.6 ᠳ᠋ᠦᠩᠰᠢᠭᠤᠷ ᠲᠥᠭᠦᠷᠢᠭ ᠢ | ᠲᠠᠪᠠᠭᠰᠠᠨ ᠪᠠᠶᠢᠨ᠎ᠠ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠴᠡᠭ | 25 ᠪᠤᠯᠵᠤ᠂ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠰᠪᠤᠷᠢ 78 . 4 ᠳ᠋ᠦᠩᠰᠢᠭᠤᠷ ᠲᠥᠭᠦᠷᠢᠭ ᠪᠠ | 65 . 1 ᠳ᠋ᠦᠩᠰᠢᠭᠤᠷ ᠲᠥᠭᠦᠷᠢᠭ ᠲᠤ ᠬᠦᠷᠦᠭᠡᠳ᠂ ᠵᠢᠯ ᠳᠤᠮᠳᠠᠴᠢ ᠶᠢᠨ 7.7 % ᠪᠠ 19.1 % ᠪᠠᠷ | ᠨᠡᠮᠡᠭᠳᠡᠪᠡ᠃ |