ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠨ ᠬᠢᠵᠦ᠂ ᠠᠷᠠᠳ ᠣᠯᠠᠨ ᠤ ᠠᠮᠢ | ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠰᠦᠭᠡᠢ᠄ | ᠨᠢᠭᠡ᠂ ᠬᠢᠵᠢᠭ ᠰᠡᠷᠭᠡᠶᠢᠯᠡᠬᠦ ᠠᠵᠢᠯ ᠤᠨ ᠡᠮᠬᠢ ᠵᠢᠷᠤᠮ ᠢ ᠬᠠᠷᠰᠢᠯᠠᠪᠠᠯ ᠬᠠᠤᠯᠢ ᠶᠣᠰᠣᠭᠠᠷ ᠴᠢᠩᠭ᠎ᠠ ᠴᠣᠬᠢᠯᠲᠠ | ᠥᠭᠭᠦᠨ᠎ᠡ᠃ ᠳᠣᠣᠷᠠᠬᠢ ᠮᠡᠳᠦ ᠵᠢᠷᠭᠤᠭᠠᠨ ᠵᠦᠢᠯ ᠤᠨ ᠪᠠᠶᠢᠳᠠᠯ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠯᠭᠤᠬᠤ ᠬᠠᠤᠯᠢ︾ ᠶᠢᠨ ᠲᠠᠪᠢᠳᠤᠭᠠᠷ | ᠵᠤᠷᠪᠤᠰ ᠤᠨ ᠲᠣᠭᠲᠠᠭᠠᠯ ᠢ ᠦᠨᠳᠦᠰᠦᠯᠡᠨ᠂ ᠳᠣᠩᠭᠤᠳᠬᠤ ᠪᠤᠶᠤ ᠬᠤᠶᠠᠷ ᠵᠠᠭᠤᠨ ᠲᠥᠭᠦᠷᠢᠭ ᠠᠴᠠ ᠲᠤᠷᠤᠭᠰᠢ | ᠵᠣᠭᠤᠰ ᠮᠦᠩᠬᠦ ᠪᠠᠷ ᠲᠤᠷᠭᠠᠵᠤ᠂ ᠥᠢᠯᠡ ᠪᠠᠶᠢᠳᠠᠯ ᠨᠢ ᠬᠦᠨᠳᠦ ᠨᠣᠴᠢᠲᠠᠢ ᠪᠤᠯ ᠲᠠᠪᠤᠨ ᠡᠳᠦᠷ ᠠᠴᠠ ᠳᠡᠭᠡᠭᠰᠢ | ᠠᠷᠪᠠᠨ ᠡᠳᠦᠷ ᠠᠴᠠ ᠲᠤᠷᠤᠭᠰᠢ ᠬᠤᠭᠤᠴᠠᠭ᠎ᠠ ᠲᠠᠢ ᠲᠥᠷ ᠬᠤᠷᠢᠬᠤ ᠶᠢᠨ ᠬᠠᠮᠳᠤ ᠲᠠᠪᠤᠨ ᠵᠠᠭᠤᠨ | ᠲᠥᠭᠦᠷᠢᠭ ᠠᠴᠠ ᠲᠤᠷᠤᠭᠰᠢ ᠵᠣᠭᠤᠰ ᠮᠦᠩᠬᠦ ᠪᠠᠷ ᠲᠤᠷᠭᠠᠨ ᠰᠢᠳᠬᠡᠨ᠎ᠡ᠃ ᠬᠢᠵᠢᠭ ᠲᠠᠷᠬᠠᠭᠠᠭᠰᠠᠨ ᠪᠤᠶᠤ ᠬᠢᠵᠢᠭ | ᠲᠠᠷᠬᠠᠭᠠᠬᠤ ᠠᠶᠤᠯ ᠢ ᠡᠬᠦᠰᠭᠡᠭᠰᠡᠨ ᠪᠤᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ | ᠬᠠᠤᠯᠢ︾ ᠶᠢᠨ ᠭᠤᠷᠪᠠᠨ ᠵᠠᠭᠤ ᠭᠤᠴᠢᠳᠤᠭᠠᠷ ᠵᠤᠷᠪᠤᠰ ᠲᠣᠭᠲᠠᠭᠠᠯ ᠢ ᠦᠨᠳᠦᠰᠦᠯᠡᠵᠦ᠂ ᠬᠠᠯᠳᠠᠪᠤᠷᠢᠲᠤ | ᠡᠪᠡᠳᠴᠢᠨ ᠤ ᠰᠡᠷᠭᠡᠶᠢᠯᠡᠯᠳᠡ ᠶᠢ ᠬᠠᠷᠰᠢᠯᠠᠭᠰᠠᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠭᠤᠷᠪᠠᠨ | ᠵᠢᠯ ᠠᠴᠠ ᠲᠤᠷᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠬᠡᠨ᠎ᠡ᠂ ᠦᠷ᠎ᠡ | ᠨᠦᠯᠦᠭᠡ ᠨᠢ ᠬᠦᠨᠳᠦ ᠨᠣᠴᠢᠲᠠᠢ ᠪᠤᠯ ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠲᠤᠷᠤᠭᠰᠢ | ᠬᠤᠭᠤᠴᠠᠭ᠎ᠠ ᠲᠠᠢ ᠬᠤᠷᠢᠬᠤ ᠰᠢᠳᠬᠡᠯ ᠤᠯᠭᠤᠨ᠎ᠠ᠃ | 1. ᠬᠤᠪᠢ ᠶᠢᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠦᠯᠵᠦ ᠲᠠᠩᠰᠠᠯᠠᠭᠤᠯᠬᠤ ᠦᠭᠡᠢ᠃① ᠠᠶᠢᠮᠠᠭ ᠤᠨ | ᠭᠠᠳᠠᠨ᠎ᠠ ᠠᠴᠠ ᠮᠠᠨ ᠤ ᠬᠤᠰᠢᠭᠤᠨ ᠳᠤ ᠢᠷᠡᠭᠰᠡᠳ᠂ ᠣᠨᠴᠠᠭᠠᠶᠢᠯᠠᠨ ᠬᠢᠯᠢ ᠶᠢᠨ ᠭᠠᠳᠠᠨ᠎ᠠ ᠠᠴᠠ ᠢᠷᠡᠭᠰᠡᠨ ᠪᠤᠶᠤ | ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠵᠢᠴᠢ ᠬᠢᠵᠢᠭ ᠲᠤ | ᠬᠤᠯᠪᠣᠭᠳᠠᠭᠰᠠᠨ ᠭᠠᠵᠠᠷ ᠣᠷᠣᠨ ᠳᠤ ᠤᠴᠢᠵᠤ ᠦᠩᠭᠡᠷᠡᠭᠰᠡᠨ ᠬᠥᠮᠥᠰ︔ ②ᠡᠷᠡᠭᠦᠯ ᠮᠡᠨᠳᠦ ᠶᠢᠨ ᠺᠤᠳ᠋ ᠲᠡᠭᠡᠷ᠎ᠡ | ᠨᠢ ᠲᠦᠭᠰᠢᠬᠦᠷᠢ ᠶᠢᠨ ᠲᠡᠮᠳᠡᠭ ᠲᠤᠬᠢᠶ᠎ᠠ ᠢᠯᠡᠷᠡᠭᠰᠡᠨ ᠬᠦᠮᠦᠰ︔ ③ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠰᠠᠯᠠᠭ᠎ᠠ ᠮᠥᠴᠢᠷ ᠠᠴᠠ ᠡᠪᠡᠳᠴᠢᠳᠡᠨ ᠲᠠᠢ ᠣᠶᠢᠷᠠᠲᠤᠭᠰᠠᠨ ᠢ ᠨᠢ ᠢᠯᠡᠷᠡᠬᠦᠯᠦᠭᠡᠳ ᠤᠲᠠᠰᠤ ᠵᠠᠬᠢᠶ᠎ᠠ ᠪᠠᠷ | ᠮᠡᠳᠡᠭᠳᠡᠵᠦ᠂ ᠨᠡᠶᠢᠭᠡᠮ ᠲᠣᠭᠤᠷᠢᠭ ᠲᠤ ᠮᠡᠳᠡᠭᠦᠯᠦᠨ ᠳᠠᠩᠰᠠᠯᠠᠭᠤᠯᠬᠤ ᠶᠢ ᠱᠠᠭᠠᠷᠳᠠᠭᠰᠠᠨ ᠪᠠᠶᠢᠬᠤ ᠳᠤ᠂ ᠬᠠᠮᠢᠶ᠎ᠠ | ᠪᠦᠬᠦᠢ ᠮᠡᠳᠡᠭᠡ ᠵᠠᠩᠭᠢ ᠪᠠᠨ ᠮᠡᠳᠡᠭᠦᠯᠦᠨ ᠳᠠᠩᠰᠠᠯᠠᠭᠤᠯᠬᠤ ᠦᠭᠡᠢ᠂ ᠨᠢᠭᠤᠵᠤ ᠲᠠᠷᠤᠵᠤ᠂ ᠭᠡᠭᠡᠭᠳᠡᠬᠦᠯᠵᠦ | ᠤᠷᠬᠢᠭᠳᠠᠭᠤᠯᠵᠤ᠂ ᠤᠷᠤᠶᠢᠳᠠᠭᠤᠯᠵᠤ ᠤᠳᠠᠭᠠᠰᠢᠷᠠᠭᠤᠯᠤᠭᠰᠠᠨ ᠵᠢᠴᠢ ᠨᠡᠶᠢᠭᠡᠮ ᠲᠣᠭᠤᠷᠢᠭ ᠪᠤᠶᠤ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠠᠵᠢᠯ ᠳᠤ ᠬᠠᠮᠵᠢᠯᠴᠠᠬᠤ ᠶᠢ ᠲᠡᠪᠴᠢᠭᠰᠡᠨ᠃ | 2. ᠬᠢᠵᠢᠭ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠠᠮᠵᠢᠯᠴᠠᠬᠤ ᠦᠭᠡᠢ᠃ | ᠬᠢᠵᠢᠭ ᠬᠠᠯᠳᠠᠪᠤᠷᠢᠯᠠᠭᠰᠠᠨ ᠬᠦᠮᠦᠰ᠂ ᠬᠠᠯᠳᠠᠪᠤᠷᠢᠯᠠᠯ ᠤᠨ ᠰᠡᠵᠢᠭ ᠲᠠᠢ ᠬᠦᠮᠦᠰ᠂ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠳ ᠵᠢᠴᠢ ᠨᠢᠭᠲᠠ ᠤᠶᠢᠷᠠᠳᠤᠭᠰᠠᠳ᠂ ᠲᠠᠮ ᠤᠶᠢᠷᠠᠳᠤᠭᠰᠠᠳ᠂ ᠭᠤᠣᠯᠳᠠᠯᠭ᠎ᠠ ᠲᠠᠢ ᠬᠥᠮᠥᠰ ᠵᠡᠷᠭᠡ | ᠨᠢ ᠲᠤᠰᠠᠭᠠᠷᠯᠠᠨ ᠬᠠᠮᠢᠶᠠᠷᠬᠤ ᠲᠦᠷᠢᠮ ᠲᠣᠭᠲᠠᠭᠠᠯ ᠢ ᠵᠥᠷᠢᠴᠡᠵᠦ᠂ ᠲᠦᠪᠯᠡᠷᠡᠬᠦᠯᠦᠨ ᠲᠤᠰᠠᠭᠠᠷᠯᠠᠬᠤ ᠪᠤᠶᠤ | ᠭᠡᠷ ᠲᠡᠭᠡᠨ ᠲᠤᠰᠠᠭᠠᠷᠯᠠᠬᠤ ᠵᠢᠴᠢ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠶᠢ ᠲᠡᠪᠴᠢᠭᠰᠡᠨ︔ | ᠬᠤᠭᠤᠴᠠᠭ᠎ᠠ ᠨᠢ ᠲᠤᠯᠤᠭᠠᠳᠤᠢ ᠪᠠᠷ ᠳᠤᠷ᠎ᠠ ᠪᠠᠷ ᠢᠶᠠᠨ ᠲᠤᠰᠠᠭᠠᠷᠯᠠᠯ ᠠᠴᠠ ᠭᠠᠷᠴᠤ᠂ ᠤᠯᠠᠨ ᠨᠡᠶᠢᠲᠡ ᠶᠢᠨ | ᠲᠠᠯᠠᠪᠤᠷ ᠲᠤ ᠬᠦᠷᠴᠦ᠂ ᠤᠯᠠᠨ ᠨᠡᠶᠢᠲᠡ ᠶᠢᠨ ᠮᠠᠰᠢᠨ ᠤᠨᠤᠭ᠎ᠠ ᠳᠤ ᠰᠠᠭᠤᠭᠰᠠᠨ ᠪᠤᠶᠤ ᠴᠤᠭᠯᠠᠷᠠᠯ ᠤᠨ ᠴᠢᠨᠠᠷᠲᠠᠢ | ᠠᠵᠢᠯᠯᠠᠭ᠎ᠠ ᠳᠤ ᠤᠷᠤᠯᠴᠠᠭᠠᠳ ᠬᠢᠵᠢᠭ ᠤᠨ ᠠᠶᠤᠯ ᠡᠬᠦᠰᠭᠡᠭᠰᠡᠨ᠃ | 3. ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠦᠭᠡᠢ᠃ ᠲᠡᠯᠬᠡᠬᠦᠷ ᠬᠤᠳᠠᠯᠳᠤᠭ᠎ᠠ᠂ | ᠵᠣᠴᠢᠳ ᠤᠨ ᠪᠠᠭᠤᠳᠠᠯ᠂ ᠵᠤᠭ᠎ᠠ ᠴᠡᠩᠬᠡᠬᠦᠨ ᠤ ᠭᠠᠵᠠᠷ᠂ ᠮᠠᠰᠢᠨ ᠲᠡᠷᠭᠡᠨ ᠤ ᠦᠷᠳᠡᠭᠡ ᠵᠡᠷᠭᠡ ᠬᠥᠮᠥᠨ ᠤᠯᠠᠨᠳᠠᠢ | ᠭᠠᠵᠠᠷ ᠬᠢᠭᠡᠳ ᠲᠦᠷᠢᠶᠡᠰᠦᠨ ᠮᠠᠰᠢᠨ ᠤ ᠵᠢᠯᠤᠭᠤᠴᠢ ᠵᠡᠷᠭᠡ ᠨᠢ ᠳᠠᠩᠰᠠᠯᠠᠬᠤ᠂ ᠪᠠᠶᠢᠴᠠᠭᠠᠬᠤ᠂ ᠮᠡᠳᠡᠭᠦᠯᠬᠦ ᠪᠠ | ᠬᠠᠯᠠᠭᠤᠨ ᠢ ᠬᠡᠮᠵᠢᠬᠦ᠂ ᠺᠤᠳ᠋ ᠰᠢᠷᠪᠢᠬᠦ᠂ ᠠᠷᠢᠭᠤᠳᠬᠠᠯ ᠬᠢᠬᠦ᠂ ᠠᠮᠠᠪᠴᠢ ᠵᠡᠭᠦᠬᠦ᠂ ᠠᠶᠤᠯᠬᠦᠢ ᠵᠠᠢ ᠠᠪᠬᠤ | ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠭᠡᠷᠡᠭᠵᠢᠬᠦᠯᠦᠭᠰᠡᠨ ᠦᠭᠡᠢ᠃ ᠬᠢᠵᠢᠭ ᠰᠡᠷᠭᠡᠶᠢᠯᠡᠬᠦ ᠲᠦᠷᠢᠮ | ᠲᠣᠭᠲᠠᠭᠠᠯ ᠢ ᠵᠥᠷᠢᠴᠡᠭᠰᠡᠨ ᠠᠴᠠ ᠪᠣᠯᠵᠤ ᠡᠵᠡᠩᠨᠡᠯᠲᠡ ᠶᠢ ᠨᠢ ᠲᠦᠷ ᠵᠣᠭᠰᠣᠭᠠᠭᠰᠠᠨ ᠪᠠᠶᠢᠳᠠᠯ᠎ᠠ ᠳᠤᠷ᠎ᠠ ᠪᠠᠷ ᠢᠶᠠᠨ | ᠡᠵᠡᠩᠨᠡᠯᠳᠡ ᠬᠢᠬᠦ᠂ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠡᠷᠬᠢᠯᠡᠬᠦ ᠪᠤᠶᠤ ᠬᠡᠳᠦᠶᠢᠪᠡᠷ ᠬᠢᠨᠠᠨ | ᠵᠥᠪᠰᠢᠶᠡᠷᠡᠭᠦᠯᠦᠭᠰᠡᠨ ᠪᠣᠯᠪᠠᠴᠤ ᠬᠢᠵᠢᠭ ᠰᠡᠷᠭᠡᠶᠢᠯᠡᠬᠦ ᠠᠷᠭ᠎ᠠ ᠲᠦᠷᠢᠮ ᠢ ᠬᠦᠢᠴᠡᠳ ᠨᠠᠶᠢᠳᠠᠪᠤᠷᠢᠵᠢᠭᠤᠯᠤᠭᠰᠠᠨ | ᠦᠭᠡᠢ ᠪᠠᠷ ᠡᠯ᠎ᠡ ᠲᠦᠷᠦᠯ ᠤᠨ ᠴᠤᠭᠯᠠᠷᠠᠯ ᠤᠨ ᠴᠢᠨᠠᠷᠲᠠᠢ ᠠᠵᠢᠯᠯᠠᠭ᠎ᠠ ᠡᠷᠬᠢᠯᠡᠭᠰᠡᠨ᠃ | 4. ᠬᠢᠵᠢᠭ ᠰᠡᠷᠭᠡᠶᠢᠯᠡᠬᠦ ᠠᠷᠭ᠎ᠠ ᠲᠦᠷᠢᠮ ᠢ ᠨᠠᠶᠢᠳᠠᠪᠤᠷᠢᠵᠢᠭᠤᠯᠬᠤ ᠳᠤ ᠬᠠᠮᠵᠢᠯᠴᠠᠬᠤ ᠦᠭᠡᠢ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠨᠡᠶᠢᠲᠡ ᠶᠢᠨ ᠮᠠᠰᠢᠨ ᠪᠤᠶᠤ ᠲᠦᠷᠢᠶᠡᠰᠦᠨ ᠮᠠᠰᠢᠨ ᠳᠤ | ᠰᠠᠭᠤᠬᠤ ᠪᠤᠶᠤ ᠲᠡᠷᠭᠡᠨ ᠥᠷᠲᠡᠭᠡ᠂ ᠳᠡᠯᠭᠡᠭᠦᠷ ᠬᠤᠳᠠᠯᠳᠤᠭ᠎ᠠ᠂ ᠬᠤᠭᠤᠯᠠᠨ ᠭᠡᠷ᠂ ᠵᠣᠴᠢᠳ ᠤᠨ ᠪᠠᠭᠤᠳᠠᠯ ᠵᠡᠷᠭᠡ | ᠣᠯᠠᠨ ᠨᠡᠶᠢᠲᠡ ᠶᠢᠨ ᠲᠠᠯᠠᠪᠤᠷ ᠲᠤ ᠤᠴᠢᠬᠤ ᠳᠠᠭᠠᠨ ᠠᠮᠠᠪᠴᠢ ᠵᠡᠭᠦᠬᠦ᠂ ᠺᠣᠳ᠋ ᠰᠢᠷᠪᠢᠬᠦ᠂ ᠬᠠᠯᠠᠭᠤᠨ ᠢ ᠬᠡᠮᠵᠢᠬᠦ᠂ | ᠳᠡᠩᠰᠡᠯᠡᠨ ᠲᠡᠮᠳᠡᠭᠯᠡᠬᠦ᠂ ᠠᠶᠤᠯᠬᠦᠢ ᠵᠠᠢ ᠠᠪᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠲᠦᠷᠢᠮ ᠢ ᠭᠡᠷᠡᠭᠵᠢᠬᠦᠯᠬᠦ | ᠦᠭᠡᠢ᠂ ᠬᠠᠮᠢᠶᠠᠷᠤᠯᠲᠠ ᠶᠢᠨ ᠠᠵᠢᠯᠲᠠᠨ ᠤ ᠢᠳᠬᠠᠨ ᠬᠤᠷᠢᠭᠯᠠᠬᠤ ᠪᠠ ᠵᠠᠬᠢᠨ ᠰᠠᠨᠠᠭᠤᠯᠬᠤ ᠶᠢ ᠰᠤᠨᠤᠰᠬᠤ ᠦᠭᠡᠢ᠂ | ᠬᠢᠵᠢᠭ ᠰᠡᠷᠭᠡᠶᠢᠯᠡᠬᠦ ᠠᠵᠢᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ᠃ | 5. ᠪᠥᠭᠡᠮ ᠬᠦᠴᠢᠯ ᠤᠨ ᠪᠠᠶᠢᠴᠠᠭᠠᠯᠲᠡ ᠳᠤ ᠬᠠᠮᠵᠢᠯᠴᠠᠬᠤ ᠦᠭᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠱᠠᠭᠠᠷᠳᠠᠯᠭ᠎ᠠ ᠶᠣᠰᠣᠭᠠᠷ᠂ ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ︾ ᠬᠡᠪᠴᠢᠶᠡᠨ ᠳᠤ | ᠤᠷᠤᠭᠰᠠᠨ ᠬᠦᠮᠦᠰ ᠨᠢ ᠣᠨᠴᠠᠭᠠᠶ ᠰᠢᠯᠳᠠᠭᠠᠨ ᠦᠭᠡᠢ ᠪᠠᠶᠢᠳᠠᠯ᠎ᠠ ᠪᠠᠨ ᠨᠢᠭᠡᠳᠦᠯᠲᠡᠢ ᠵᠣᠬᠢᠶᠠᠨ ᠪᠠᠶᠢᠭᠤᠯᠤᠭᠰᠠᠨ | ᠪᠥᠭᠡᠮ ᠬᠦᠴᠢᠯ ᠤᠨ ᠪᠠᠶᠢᠴᠠᠭᠠᠯᠲᠡ ᠳᠤ ᠤᠷᠤᠯᠴᠠᠬᠤ ᠶᠢ ᠲᠡᠪᠴᠢᠭᠰᠡᠨ᠃ | 6. ᠵᠠᠰᠠᠭ ᠤᠨ ᠣᠷᠳᠣᠨ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠡᠶᠢᠲᠡᠯᠡᠭᠰᠡᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠢᠴᠢᠭ ᠮᠠᠲ᠋ᠧᠷᠢᠶᠠᠯ᠂ ᠮᠡᠳᠡᠭᠡ ᠵᠠᠷᠯᠠᠯ ᠢ ᠬᠡᠷᠡᠭᠵᠢᠭᠦᠯᠬᠦ ᠦᠭᠡᠢ᠂ ᠨᠡᠶᠢᠭᠡᠮ ᠤᠨ | ᠡᠮᠬᠢ ᠳᠢᠭᠯᠢᠮ ᠢ ᠰᠠᠮᠠᠭᠤᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠢᠮ ᠲᠤᠭᠳᠠᠭᠠᠯ ᠢ | ᠵᠦᠷᠢᠴᠡᠭᠰᠡᠨ ᠪᠤᠰᠤᠳ ᠠᠵᠢᠯᠯᠠᠭ᠎ᠠ᠃ | ᠬᠤᠶᠠᠷ᠂ ᠠᠵᠢᠯ ᠡᠬᠢᠯᠡᠵᠦ ᠦᠢᠯᠡᠳᠪᠦᠷᠢᠯᠡᠯ ᠰᠡᠷᠭᠦᠭᠡᠬᠦ ᠬᠤᠭᠤᠴᠠᠭᠠᠨ ᠤ ᠬᠢᠵᠢᠭ ᠰᠡᠷᠭᠡᠶᠢᠯᠡᠬᠦ ᠠᠷᠭ᠎ᠠ | ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠢᠯ ᠲᠥᠷᠥᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠨᠢ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠡᠳᠦᠷ ᠲᠤᠳᠤᠮ ᠤᠨ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠤᠨ᠂ ᠠᠵᠤ ᠠᠬᠤᠶᠢᠯᠠᠯ ᠤᠨ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠬᠤ ᠳᠤ ᠴᠢᠩᠭ᠎ᠠ ᠬᠢᠨᠠᠯᠲᠠ ᠲᠠᠯᠪᠢᠬᠤ ᠬᠡᠷᠡᠭᠲᠡᠢ᠃ ᠡᠯ᠎ᠡ ᠠᠵᠤ ᠠᠬᠤᠶᠢᠯᠠᠯ ᠨᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠤᠰᠬᠠᠢ | ᠬᠥᠮᠥᠨ ᠲᠤᠬᠢᠷᠠᠭᠤᠯᠵᠤ ᠬᠢᠵᠢᠭ ᠰᠡᠷᠭᠡᠶᠢᠯᠡᠬᠦ ᠠᠵᠢᠯ ᠢ ᠬᠠᠷᠢᠭᠤᠴᠠᠭᠤᠯᠤᠨ᠂ ᠦᠢᠯᠡᠳᠪᠦᠷᠢᠯᠡᠯ ᠰᠡᠷᠭᠦᠭᠡᠬᠦ | ᠬᠤᠭᠤᠴᠠᠭᠠᠨ ᠳᠤ ᠠᠵᠢᠯᠲᠠᠨ ᠤ ᠵᠠᠮ ᠮᠦᠷ ᠤᠨ ᠺᠣᠳ᠋᠂ ᠡᠷᠡᠭᠦᠯ ᠮᠡᠨᠳᠦ ᠶᠢᠨ ᠺᠣᠳ᠋ ᠪᠠ ᠪᠥᠭᠡᠮ ᠬᠦᠴᠢᠯ ᠤᠨ | ᠪᠠᠶᠢᠴᠠᠭᠠᠯᠲᠡ ᠶᠢᠨ ᠭᠡᠷᠡᠴᠢ ᠶᠢ ᠨᠠᠷᠢᠨ ᠨᠢᠮᠪᠠᠢ ᠪᠠᠶᠢᠴᠠᠭᠠᠨ ᠰᠢᠯᠭᠠᠬᠤ ᠶᠢᠨ ᠬᠠᠮᠳᠤ ᠂ ᠰᠠᠯᠬᠢ ᠨᠡᠪᠳᠡᠷᠡᠬᠦᠯᠬᠦ᠂ | ᠠᠷᠢᠭᠤᠳᠬᠠᠯ ᠬᠢᠬᠦ᠂ ᠬᠠᠯᠠᠭᠤᠨ ᠢ ᠬᠡᠮᠵᠢᠬᠦ᠂ ᠲᠡᠮᠳᠡᠭᠯᠡᠨ ᠳᠠᠩᠰᠠᠯᠠᠬᠤ ᠵᠡᠷᠭᠡ ᠳᠦᠷᠢᠮ ᠲᠤᠭᠳᠠᠭᠠᠯ ᠢ ᠴᠢᠩᠭ᠎ᠠ | ᠬᠡᠷᠡᠭᠵᠢᠭᠦᠯᠬᠦ ᠬᠡᠷᠡᠭᠲᠡᠢ᠃ ᠮᠠᠨ ᠤ ᠬᠤᠰᠢᠭᠤᠨ ᠳᠤ ᠢᠷᠡᠬᠦ ᠠᠵᠢᠯᠳᠠᠳ ᠡᠷᠭᠡᠪᠰᠢ ᠬᠤᠪᠢ ᠬᠥᠮᠥᠨ ᠤ | ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠢᠷᠡᠬᠦ ᠠᠴᠠ ᠪᠠᠨ ᠡᠮᠦᠨ᠎ᠡ 48 ᠴᠠᠭ ᠤᠨ ᠪᠥᠭᠡᠮ | ᠬᠦᠴᠢᠯ ᠤᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠮᠦᠷᠳᠡᠭᠡᠨ ᠢᠷᠡᠭᠰᠡᠨ ᠤ ᠳᠠᠷᠠᠭ᠎ᠠ 14 ᠡᠳᠦᠷ ᠤᠨ | ᠲᠤᠳᠤᠷᠠᠬᠢ ᠵᠠᠮ ᠮᠦᠷ ᠤᠨ ᠪᠠᠶᠢᠳᠠᠯ ᠢᠶᠠᠨ ᠠᠵᠤ ᠠᠬᠤᠶᠢᠯᠠᠯ ᠬᠢᠭᠡᠳ ᠬᠠᠷᠢᠶᠠᠯᠠᠭᠳᠠᠬᠤ ᠰᠤᠮᠤ ᠰᠢᠶᠠᠩ ᠪᠠᠯᠭᠠᠰᠤ | ᠳᠠᠭᠠᠨ ᠦᠨᠡᠨ ᠮᠥᠨ ᠢᠶᠠᠷ ᠨᠢ ᠮᠡᠳᠡᠭᠦᠯᠵᠦ ᠂ ᠪᠥᠭᠡᠮ ᠬᠦᠴᠢᠯ ᠤᠨ ᠪᠠᠶᠢᠴᠠᠭᠠᠯᠲᠡ ᠬᠢᠬᠦ᠂ ᠲᠤᠰᠠᠭᠠᠷᠯᠠᠨ | ᠠᠵᠢᠭᠯᠠᠬᠤ ᠵᠡᠷᠭᠡ ᠬᠢᠨᠠᠯᠳᠠ ᠬᠠᠮᠢᠶᠠᠷᠤᠯᠳᠠ ᠤᠨ ᠠᠷᠭ᠎ᠠ ᠲᠦᠷᠢᠮ ᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ᠂ ᠪᠣᠯᠪᠠᠰᠤᠨ ᠢᠶᠠᠷ ᠲᠠᠬᠢᠯᠭ᠎ᠠ ᠬᠢᠬᠦ ᠶᠢ ᠡᠷᠬᠢᠮᠯᠡᠨ᠎ᠡ᠃ ᠬᠠᠩᠰᠢ ᠶᠢᠨ ᠡᠳᠦᠷ ᠪᠣᠯ ᠬᠥᠮᠥᠰ ᠤᠨ ᠢᠷᠡᠵᠦ | ᠶᠠᠪᠤᠬᠤ ᠣᠷᠭᠢᠯ ᠬᠤᠭᠤᠴᠠᠭ᠎ᠠ ᠪᠠᠶᠢᠵᠤ᠂ ᠬᠦᠮᠦᠨ ᠬᠠᠷ᠎ᠠ ᠤᠯᠠᠰᠢᠷᠠᠪᠠᠯ ᠬᠢᠵᠢᠭ ᠤᠨ ᠲᠦᠭᠰᠢᠭᠦᠷᠢ ᠴᠤ ᠨᠡᠮᠡᠭᠳᠡᠨ᠎ᠡ᠃ | ᠡᠶᠢᠮᠦ ᠠᠴᠠ᠂ ᠭᠠᠳᠠᠨ᠎ᠠ ᠤᠷᠤᠨ ᠳᠤ ᠪᠠᠶᠢᠭ᠎ᠠ ᠬᠥᠮᠥᠰ ᠤᠨᠴᠠ ᠴᠢᠬᠤᠯᠠ ᠦᠬᠡᠢ ᠪᠤᠯ ᠬᠠᠷᠢᠵᠤ ᠢᠷᠡᠬᠦ | ᠪᠠᠨ ᠪᠤᠯᠢᠵᠤ᠂ ᠠᠯᠤᠰ ᠠᠴᠠ ᠲᠠᠬᠢᠬᠤ᠂ ᠭᠡᠷ ᠠᠴᠠ ᠪᠠᠨ ᠲᠠᠬᠢᠬᠤ᠂ ᠪᠤᠰᠤᠳ ᠲᠤ ᠨᠠᠶᠢᠳᠠᠵᠤ ᠲᠠᠬᠢᠬᠤ ᠵᠡᠷᠭᠡ | ᠠᠮᠤᠷ ᠲᠦᠪᠰᠢᠨ ᠪᠦᠭᠡᠳ ᠪᠣᠯᠪᠠᠰᠤᠨ ᠲᠠᠬᠢᠯᠭ᠎ᠠ ᠶᠢᠨ ᠠᠷᠭ᠎ᠠ ᠶᠢ ᠭᠡᠷᠡᠭᠯᠡᠨ᠂ ᠭᠠᠰᠢᠭᠤᠳᠠᠯ ᠢᠶᠠᠨ ᠢᠯᠡᠷᠭᠡᠶᠢᠯᠡᠨ | ᠨᠥᠭᠴᠢᠭᠰᠡᠳ ᠢᠶᠠᠨ ᠳᠤᠷᠠᠰᠬᠠᠵᠤ᠂ ᠡᠪᠡᠳᠴᠢᠨ ᠬᠢᠵᠢᠭ ᠤᠨ ᠲᠦᠭᠰᠢᠭᠦᠷᠢ ᠶᠢ ᠪᠠᠭᠠᠰᠬᠠᠬᠤ ᠪᠤᠯᠳᠤᠭᠠᠢ ᠬᠡᠮᠡᠨ | ᠤᠷᠢᠶᠠᠯᠠᠵᠤ ᠪᠠᠶᠢᠨᠠᠮ᠃ ᠭᠡᠷᠪᠡ ᠵᠠᠪᠠᠯ ᠢᠷᠡᠬᠦ ᠴᠢᠬᠤᠯᠠ ᠲᠠᠢ ᠪᠣᠯ ᠬᠢᠵᠢᠭ ᠰᠡᠷᠭᠡᠶᠢᠯᠡᠬᠦ ᠲᠦᠷᠢᠮ ᠲᠣᠭᠲᠠᠭᠠᠯ ᠢ | ᠵᠢᠷᠤᠮᠯᠠᠨ ᠬᠡᠷᠡᠭᠵᠢᠭᠦᠯᠵᠦ᠂ ᠲᠠᠬᠢᠯᠭ᠎ᠠ ᠶᠢᠨ ᠦᠢᠯᠡ ᠶᠢ ᠲᠥᠬᠦᠮ ᠢᠶᠠᠷ ᠦᠢᠯᠡᠳᠦᠨ᠂ ᠬᠥᠮᠥᠨ ᠴᠤᠭᠯᠠᠷᠠᠬᠤ ᠶᠢ | ᠪᠠᠭᠠᠰᠬᠠᠬᠤ ᠬᠡᠷᠡᠭᠲᠡᠢ᠃ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ | 0479-5230665 | ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675 | ᠪᠤᠤᠴᠠᠩ ᠪᠠᠯᠭᠠᠰᠤᠨ ︵ᠨᠡᠶᠢᠭᠡᠮ ᠲᠣᠭᠤᠷᠢᠭ︶ ᠤ ᠠᠰᠠᠭᠤᠨ ᠯᠠᠪᠯᠠᠬᠤ ᠤᠲᠠᠰᠤ᠄ 0479 ︱ | 5222227 | ᠵᠢᠶᠠᠨ ᠰᠢᠩ ᠨᠡᠶᠢᠭᠡᠮ ᠲᠣᠭᠤᠷᠢᠭ᠄ 13644792511 | ᠪᠦᠦ ᠹᠧᠩ ᠨᠡᠶᠢᠭᠡᠮ ᠲᠣᠭᠤᠷᠢᠭ᠄ 13947930729 | ᠨᠠᠨ ᠵᠢᠶᠣᠣ ᠨᠡᠶᠢᠭᠡᠮ ᠲᠣᠭᠤᠷᠢᠭ᠄ 18847938988 | ᠰᠢᠨ ᠬᠤᠸᠠ ᠬᠤᠷᠢᠶᠠᠨ ᠤ ᠲᠣᠭᠤᠷᠢᠭ᠄ 13947395770 | ᠲᠠᠢ ᠫᠢᠩ ᠨᠡᠶᠢᠭᠡᠮ ᠲᠣᠭᠤᠷᠢᠭ᠄ 15849930009 | ᠳ᠋ᠦᠩ ᠵᠢᠶᠣᠣ ᠨᠡᠶᠢᠭᠡᠮ ᠲᠣᠭᠤᠷᠢᠭ᠄ 13947966967 | ᠬᠦᠨᠪᠤᠯᠠᠭ ᠰᠤᠮᠤ ᠄ 0479 ︱ 5887015 | ᠴᠢᠶᠠᠨ ᠶᠢᠨ ᠭᠧᠦ ᠪᠠᠯᠭᠠᠰᠤ᠄ 0479 ︱ 2265514 | ᠬᠤᠩ ᠴᠢ ᠪᠠᠯᠭᠠᠰᠤ ᠄ 0479 ︱ 5823064 | ᠯᠦᠸᠧ ᠲᠦᠸᠧ ᠱᠠᠨ ᠪᠠᠯᠭᠠᠰᠤ᠄ 0479 ︱ 5855017 | ᠶᠦᠩ ᠹᠧᠩ ᠪᠠᠯᠭᠠᠰᠤ ᠄ 0479 ︱ 2265107 | ᠰᠢᠩ ᠹᠦ᠋ ᠰᠢᠶᠠᠩ ᠄ 0479-589968 15547956376 | | ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ | | 2022 ᠣᠨ ᠤ 3 ᠰᠠᠷ᠎ᠠ ᠶᠢᠨ 21 ᠤ ᠡᠳᠦᠷ |