︽ᠬᠤᠷᠢᠳᠤᠭᠠᠷ ᠶᠡᠭᠡ ᠬᠤᠷᠠᠯ ᠢ ᠤᠭᠳᠤᠨ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠰᠢ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ | ᠢᠳᠡᠪᠬᠢᠲᠡᠢ ᠠᠵᠢᠯᠯᠠᠭ᠎ᠠ ᠠᠪᠴᠤ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠦᠢᠯᠡᠴᠢᠯᠡᠭᠡᠨ ᠤ | ᠪᠦᠲᠦᠮᠵᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠦᠨᠡᠨ ᠬᠦ | ᠰᠢᠢᠳᠪᠦᠷᠢᠯᠡᠵᠦ ᠪᠠᠶᠢᠨ᠎ᠠ᠃ | ︽ᠵᠡᠭᠡᠷᠭᠡᠨ᠎ᠡ ᠡᠪᠡᠰᠦ ᠬᠤᠳᠠᠯᠳᠤᠨ ᠠᠪᠬᠤ ᠶᠢ ᠳᠠᠩᠰᠠᠯᠠᠭᠤᠯᠬᠤ ᠨᠢ ᠮᠠᠨ ᠤ ᠺᠣᠮᠫᠠᠨᠢ ᠶᠢᠨ ᠲᠡᠭᠡᠭᠡᠪᠦᠷᠢ ᠶᠢᠨ | ᠨᠢᠭᠡᠨ ᠬᠦᠴᠢᠷ ᠠᠰᠠᠭᠤᠳᠠᠯ ᠪᠣᠯᠣᠭᠰᠠᠭᠠᠷ ᠢᠷᠡᠭᠰᠡᠨ ᠶᠤᠮ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠣᠯᠠᠨ ᠤᠳᠠᠭ᠎ᠠ ᠰᠠᠨᠠᠭᠠᠴᠢᠯᠠᠭ᠎ᠠ ᠠᠴᠠ ᠪᠠᠨ ᠮᠠᠨ ᠤ | ᠺᠤᠮᠫᠠᠨᠢ ᠳᠤ ᠢᠷᠡᠵᠦ ᠂ ᠲᠠᠪᠤ ᠭᠤᠷᠪᠠᠭ᠋ᠠᠨ ᠡᠳᠦᠷ ᠤᠨ ᠳᠣᠲᠣᠷ᠎ᠠ ᠪᠢᠳᠡᠨ ᠢ ᠬᠠᠪᠰᠤᠷᠤᠨ ᠡᠨᠡᠬᠦ ᠠᠰᠠᠭᠤᠳᠠᠯ ᠢ | ᠲᠤᠶᠢᠯᠪᠤᠷᠢᠲᠠᠢ ᠰᠢᠢᠳᠪᠦᠷᠢᠯᠡᠭᠰᠡᠨ ᠪᠠᠶᠢᠨ᠎ᠠ︾ ᠬᠡᠵᠦ ᠱᠧᠩ ᠲᠠᠢ ᠡᠯ ᠰᠢᠨᠵᠢᠯᠡᠭᠡ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠵᠠᠰᠠᠭ ᠵᠠᠬᠢᠷᠭᠠᠨ ᠤ ᠬᠡᠯᠲᠡᠰ ᠤᠨ ᠳᠠᠭᠠᠭᠠᠮᠠᠯ ᠹᠠᠨ ᠰᠢᠶᠣᠣ ᠷᠦᠢ ᠳᠣᠲᠣᠭᠠᠳᠤ ᠶᠢ ᠬᠠᠮᠠᠭᠠᠯᠠᠬᠤ | ᠲᠤᠪᠴᠢᠶᠠᠨ ᠤ ᠠᠵᠢᠯ ᠤᠨ ᠪᠦᠲᠦᠮᠵᠢ ᠶᠢ ᠦᠨᠡᠯᠡᠨ ᠰᠠᠶᠢᠰᠢᠶᠠᠨ᠎ᠠ᠃ | ᠱᠧᠩ ᠲᠠᠢ ᠡᠯ ᠺᠣᠮᠫᠠᠨᠢ ᠪᠣᠯ ᠮᠠᠯ ᠤᠨ ᠡᠮ ᠦᠢᠯᠡᠳᠪᠦᠷᠢᠯᠡᠬᠦ ᠵᠢᠴᠢ ᠬᠠᠮᠢᠶ᠎ᠠ ᠪᠦᠬᠦᠢ ᠪᠦᠲᠦᠭᠡᠭᠳᠡᠬᠦᠨ ᠢ | ᠰᠤᠳᠤᠯᠤᠨ ᠦᠢᠯᠡᠳᠪᠦᠷᠢᠯᠡᠬᠦ᠂ ᠳᠡᠯᠭᠡᠷᠡᠭᠦᠯᠦᠨ ᠬᠡᠷᠡᠭᠯᠡᠬᠦ ᠵᠢᠴᠢ ᠲᠡᠵᠢᠭᠡᠨ ᠦᠷᠡᠵᠢᠭᠦᠯᠬᠦ᠂ ᠬᠢᠵᠢᠭ ᠰᠡᠷᠭᠡᠶᠢᠯᠡᠬᠦ᠂ | ᠡᠮ ᠬᠡᠷᠡᠭᠯᠡᠬᠦ ᠵᠡᠷᠭᠡ ᠮᠡᠷᠭᠡᠵᠢᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠪᠣᠯᠣᠨ᠎ᠠ᠃ ᠺᠤᠮᠫᠠᠨᠢ ᠶᠢᠨ ᠡᠵᠡᠩᠨᠡᠯᠲᠡ ᠶᠢᠨ ᠬᠡᠪᠴᠢᠶ᠎ᠡ ᠥᠷᠭᠡᠳᠬᠦ ᠶᠢ ᠲᠠᠭᠠᠯᠳᠤᠭᠠᠳ᠂ | ᠵᠡᠭᠡᠷᠭᠡᠨ᠎ᠡ ᠡᠪᠡᠰᠦ ᠵᠡᠷᠭᠡ ᠲᠦᠭᠦᠬᠡᠢ ᠮᠠᠲ᠋ᠧᠷᠢᠶᠠᠯ ᠢ ᠬᠤᠳᠠᠯᠳᠤᠨ ᠠᠪᠬᠤ᠂ ᠵᠦᠭᠡᠭᠡᠪᠦᠷᠢᠯᠡᠨ ᠤᠷᠤᠭᠤᠯᠬᠤ ᠭᠠᠷ | ᠭᠦᠢᠴᠡᠳᠬᠡᠯ ᠤᠨ ᠲᠠᠯ᠎ᠠ ᠪᠠᠷ ᠲᠤᠷᠰᠢᠯᠭ᠎ᠠ ᠪᠠ ᠵᠢᠯᠣᠭᠤᠳᠤᠯᠭ᠎ᠠ ᠳᠤᠲᠠᠮᠠᠭ ᠠᠴᠠ ᠪᠣᠯᠵᠤ᠂ ᠵᠠᠷᠢᠮ ᠳᠠᠭᠠᠨ ᠲᠦᠭᠦᠬᠡᠢ | ᠮᠠᠲ᠋ᠧᠷᠢᠶᠠᠯ ᠤᠨ ᠬᠠᠩᠭᠠᠯᠭ᠎ᠠ ᠶᠢ ᠪᠠᠳᠤᠯᠠᠵᠤ ᠳᠡᠶᠢᠯᠬᠦ ᠦᠭᠡᠢ ᠪᠤᠯᠳᠠᠭ᠃ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠤᠪᠴᠢᠶᠠᠨ ᠤ ᠬᠤᠣᠷ᠎ᠠ ᠴᠠᠭᠠᠵᠠᠯᠠᠬᠤ ᠰᠠᠯᠠᠭ᠎ᠠ ᠮᠥᠴᠢᠷ ᠤᠨ ᠬᠢᠨ ᠡᠨᠡᠬᠦ ᠪᠠᠶᠢᠳᠠᠯ ᠢ ᠣᠶᠢᠯᠠᠭᠠᠭᠰᠠᠨ ᠤ | ᠳᠠᠷᠠᠭ᠎ᠠ᠂ ᠠᠵᠤ ᠠᠬᠤᠶᠢᠯᠠᠯ ᠤᠨ ᠵᠡᠭᠡᠷᠭᠡᠨ᠎ᠡ ᠡᠪᠡᠰᠦ ᠬᠤᠳᠠᠯᠳᠤᠨ ᠣᠷᠣᠭᠤᠯᠬᠤ ᠬᠡᠷᠡᠭᠴᠡᠭᠡ ᠵᠢᠴᠢ ᠬᠢᠷᠢ ᠬᠡᠮ ᠳᠤ | ᠬᠠᠨᠳᠤᠭᠤᠯᠤᠨ ᠤᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠤ | ᠢᠳᠡᠪᠬᠢᠲᠡᠢ ᠪᠠᠷ ᠲᠤᠰᠬᠠᠬᠤ ᠶᠢᠨ ᠬᠠᠮᠳᠤ᠂ ᠲᠡᠷᠢᠬᠦᠨ ᠤ ᠠᠷᠭ᠎ᠠ ᠲᠤᠷᠰᠢᠯᠭ᠎ᠠ ᠲᠠᠢ ᠪᠤᠰᠤᠳ ᠠᠶᠢᠮᠠᠭ | ᠬᠤᠲᠠ ᠶᠢᠨ ᠬᠤᠤᠷ᠎ᠠ ᠴᠠᠭᠠᠵᠠᠯᠠᠬᠤ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠬᠠᠷᠢᠴᠠᠨ ᠵᠤᠬᠢᠴᠠᠭᠤᠯᠵᠤ | ᠪᠠᠶᠢᠭᠠᠳ ᠠᠵᠤ ᠠᠬᠤᠶᠢᠯᠠᠯ ᠤᠨ ᠲᠤᠯᠭᠠᠷᠠᠭᠰᠠᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠪᠠᠶᠢᠨ᠎ᠠ᠃ | ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠦᠷᠦ ᠶᠢᠨ ᠬᠡᠯᠲᠡᠰ ᠤᠨ | ᠡᠷᠬᠢᠯᠡᠭᠴᠢ ᠭᠦᠸᠧ ᠵᠢᠶᠦ᠋ᠨ ᠹᠧᠩ᠄ ︽ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠨᠢ ᠪᠠᠶᠢᠴᠠᠭᠠᠬᠤ ᠶᠢᠨ | ᠳᠠᠭᠠᠤ ᠰᠠᠶᠢᠵᠢᠷᠠᠭᠤᠯᠬᠤ ᠵᠠᠷᠴᠢᠮ ᠢ ᠪᠠᠷᠢᠮᠳᠠᠯᠠᠨ᠂ ᠲᠥᠪ ᠭᠤᠥᠯᠴᠢ᠂ ᠢᠯᠡ ᠲᠣᠳᠣ᠂ ᠬᠠᠤᠯᠢᠵᠢᠭᠰᠠᠨ᠂ ᠲᠥᠬᠦᠮ | ᠳᠥᠲᠡ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠥᠬᠦ ᠬᠦᠴᠦᠨ ᠢᠶᠠᠷ ᠰᠢᠯᠢᠳᠡᠭᠵᠢᠬᠦᠯᠵᠦ᠂ ᠪᠥᠬᠦ | ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ᠎ᠡ︾ ᠃ |