ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ︵78 ᠲᠤᠭᠠᠳᠤ︶
ᠨᠡᠶᠢᠲᠡᠯᠡᠭᠰᠡᠨ ᠴᠠᠭ᠄
2022/3/23
ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠨ ᠬᠢᠵᠦ᠂ ᠶᠡᠭᠡ ᠬᠡᠪᠴᠢᠶᠡᠨ ᠤ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ ᠶᠠᠷᠢᠯᠴᠠᠨ ᠰᠤᠳᠤᠯᠤᠭᠠᠳ᠂ 2022 ᠣᠨ ᠤ 3 ᠰᠠᠷ᠎ᠠ ᠶᠢᠨ 23 ᠤ ᠡᠳᠦᠷ  ᠪᠤᠤᠴᠠᠩ ᠪᠠᠯᠭᠠᠰᠤᠨ ᠤ ᠭᠡᠰᠡᠭ ᠰᠠᠭᠤᠭᠠᠯᠢ ᠲᠤᠭᠤᠷᠢᠭ ᠲᠤ ᠪᠥᠭᠡᠮ ᠬᠦᠴᠢᠯ ᠤᠨ ᠪᠠᠶᠢᠴᠠᠭᠠᠯᠲᠡ ᠶᠢᠨ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠤᠭᠳᠠᠵᠠᠢ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠰᠦᠭᠡᠢ᠄     ᠨᠢᠭᠡ᠂ ᠰᠣᠷᠢᠯᠲᠠ ᠶᠢᠨ ᠴᠠᠭ᠄ 2022 ᠣᠨ ᠤ 3 ᠰᠠᠷ᠎ᠠ ᠶᠢᠨ 23 ᠤ ᠡᠳᠦᠷ ︵ᠭᠠᠷᠠᠭ ᠤᠨ ᠭᠤᠷᠪᠠᠨ︶ ᠤᠨ ᠦᠳᠡ ᠶᠢᠨ ᠡᠮᠦᠨ᠎ᠡ     ᠬᠤᠶᠠᠷ᠂ ᠰᠣᠷᠢᠯᠲᠠ ᠶᠢᠨ ᠭᠠᠵᠠᠷ᠄  ᠪᠤᠤᠴᠠᠩ ᠪᠠᠯᠭᠠᠰᠤᠨ ᠤ ᠬᠡᠰᠡᠭ ᠰᠠᠭᠤᠭᠠᠯᠢ ᠲᠣᠭᠤᠷᠢᠭ    ᠭᠤᠷᠪᠠ᠂ ᠰᠣᠷᠢᠯᠲᠠ ᠳᠤ ᠤᠷᠤᠯᠴᠠᠬᠤ ᠰᠠᠭᠤᠭᠠᠯᠢ ᠠᠷᠠᠳ ᠲᠤᠯᠠᠭᠠᠯᠠᠭ᠎ᠠ ᠪᠠᠨ ᠠᠩᠬᠠᠷᠴᠤ  ᠂ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠨ ᠬᠢᠬᠦ ᠶᠢᠨ ᠬᠠᠮᠳᠤ᠂ ᠠᠮᠠᠪᠴᠢ ᠵᠡᠭᠦᠵᠦ᠂  ᠪᠡᠶ᠎ᠡ ᠶᠢᠨ ᠦᠨᠡᠮᠯᠡᠯ᠂ ᠭᠠᠷ ᠤᠲᠠᠰᠤ ᠪᠠᠨ ᠠᠪᠴᠤ᠂ ᠠᠵᠢᠯᠲᠠᠨ ᠤ ᠮᠡᠳᠡᠭᠳᠡᠯ ᠶᠣᠰᠣᠭᠠᠷ ᠪᠠᠶᠢᠴᠠᠭᠠᠯᠳᠠ ᠶᠢᠨ ᠭᠠᠵᠠᠷ ᠲᠤ ᠬᠦᠷᠴᠦ᠂ ᠠᠬᠤᠢ ᠲᠠᠯᠠᠪᠠᠢ ᠶᠢᠨ ᠵᠢᠯᠣᠭᠤᠳᠤᠯᠭ᠎ᠠ ᠶᠢ ᠲᠠᠭᠠᠨ᠂ ︽ᠨᠢᠭᠡ ᠮᠧᠲᠷ ᠤᠨ ᠠᠶᠤᠯᠬᠦᠢ ᠵᠠᠢ︾  ᠵᠠᠢ ᠶᠢ ᠪᠠᠲᠤᠯᠠᠵᠤ᠂ ᠪᠥᠭᠡᠮ ᠬᠦᠴᠢᠯ ᠤᠨ ᠪᠠᠶᠢᠴᠠᠭᠠᠯᠳᠠ  ᠬᠢᠬᠦ ᠳᠤ ᠡᠮᠬᠢ ᠵᠢᠷᠤᠮ ᠲᠠᠢ ᠪᠠᠷ  ᠤᠷᠤᠯᠴᠠᠬᠤ ᠪᠤᠯᠪᠠᠤ᠃ ᠣᠶᠢᠷ᠎ᠠ ᠶᠢᠨ ᠬᠤᠭᠤᠴᠠᠭᠠᠨ ᠳᠤ ᠭᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ ᠬᠥᠮᠥᠰ ᠡᠨᠡ ᠤᠳᠠᠭᠠᠨ ᠤ ᠰᠣᠷᠢᠯᠲᠠ ᠳᠤ ᠣᠷᠤᠯᠴᠠᠬᠤ ᠦᠭᠡᠢ᠃ ᠰᠣᠷᠢᠯᠲᠠ ᠳᠤ ᠤᠷᠤᠯᠴᠠᠭᠰᠠᠳ ᠠᠵᠢᠯᠯᠠᠵᠤ ᠪᠠᠶᠢᠭ᠎ᠠ ᠨᠢᠭᠡᠴᠡ  ᠳᠡᠭᠡᠨ ᠴᠢᠯᠦᠭᠡ  ᠮᠡᠳᠡᠭᠦᠯᠦᠨ ᠳᠠᠩᠰᠠᠯᠠᠭᠤᠯᠵᠤ᠂ ᠰᠣᠷᠢᠯᠲᠠ ᠳᠠᠭᠤᠰᠤᠭᠰᠠᠨ ᠤ ᠳᠠᠷᠠᠭ᠎ᠠ  ᠲᠠᠷᠤᠶᠢᠬᠠᠨ ᠠᠵᠢᠯ ᠤᠨ ᠪᠠᠶᠢᠷᠢ ᠳᠠᠭᠠᠨ ᠪᠤᠴᠠᠭᠳᠤᠨ᠃ ᠳᠥᠷᠪᠡ᠂ ᠡᠨᠡ ᠤᠳᠠᠭᠠᠨ ᠤ ᠰᠣᠷᠢᠯᠲᠠ ᠪᠣᠯ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ   ᠢ ᠨᠠᠶᠢᠳᠠᠪᠤᠷᠢᠵᠢᠭᠤᠯᠤᠭᠰᠠᠨ ᠨᠢᠭᠡ ᠤᠳᠠᠭᠠᠨ ᠤ ᠰᠢᠯᠭᠠᠨ ᠪᠠᠶᠢᠴᠠᠭᠠᠯᠲᠠ ᠮᠥᠨ᠂ ᠬᠠᠷᠢᠨ ᠬᠢᠵᠢᠭ ᠭᠠᠷᠤᠯ᠎ᠠ ᠬᠡᠰᠡᠨ ᠤᠴᠢᠷ ᠪᠢᠰᠢ ᠶᠤᠮ᠃ ᠰᠣᠷᠢᠯᠲᠠ ᠶᠢᠨ ᠭᠠᠵᠠᠷ ᠲᠤ᠂ ᠰᠡᠷᠭᠡᠶᠢᠯᠡᠯᠲᠡ ᠶᠢᠨ ᠱᠤᠭᠤᠮ ᠭᠠᠷᠭᠠᠵᠤ᠂  ᠴᠢᠩᠭ᠎ᠠ ᠬᠠᠮᠢᠶᠠᠷᠤᠯᠲᠠ ᠬᠡᠷᠡᠭᠵᠢᠭᠦᠯᠦᠨ᠂ ᠣᠷᠴᠢᠨ ᠲᠤᠭᠤᠷᠢᠨ ᠤ ᠠᠷᠢᠭᠤᠳᠬᠠᠯ ᠬᠢᠬᠦ ᠪᠦᠭᠡᠳ ᠠᠵᠢᠯᠲᠠᠳ ᠬᠠᠮᠠᠭᠠᠯᠠᠯᠲᠠ ᠶᠢᠨ ᠬᠤᠪᠴᠠᠰᠤ ᠬᠤᠨᠠᠷ ᠢ ᠡᠮᠦᠰᠴᠦ ᠵᠡᠭᠦᠬᠦ ᠴᠢᠬᠤᠯᠠᠳᠠᠢ  ᠃ ᠥᠷᠭᠡᠨ ᠣᠯᠠᠨ ᠰᠠᠭᠤᠭᠠᠯᠢ ᠠᠷᠠᠳ ᠡᠨᠡ ᠲᠤᠬᠠᠢ ᠠᠶᠤᠵᠤ ᠰᠠᠨᠳᠤᠷᠤᠭᠰᠠᠨ ᠤ ᠬᠡᠷᠡᠭ ᠦᠭᠡᠢ᠂ ᠬᠡᠪ ᠤᠨ ᠠᠮᠢᠳᠤᠷᠠᠯ ᠤᠨ ᠡᠮᠬᠢ ᠵᠢᠷᠤᠮ ᠢᠶᠠᠨ ᠪᠠᠲᠤᠯᠠᠵᠤ ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠢ ᠢᠲᠡᠭᠡᠬᠦ ᠦᠭᠡᠢ ᠪᠠᠶᠢᠭᠠᠰᠠᠢ᠃ ᠲᠠᠪᠤ᠂  ᠠᠬᠤᠢ ᠲᠠᠯᠠᠪᠠᠢ ᠶᠢᠨ ᠡᠮᠬᠢ ᠲᠢᠭᠯᠡᠮ ᠪᠣᠯᠣᠨ ᠠᠵᠢᠯᠲᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂  ᠰᠤᠷᠢᠯᠳᠠ ᠳᠤ ᠤᠷᠤᠯᠴᠠᠬᠤ ᠦᠭᠡᠢ ᠰᠠᠭᠤᠭᠠᠯᠢ ᠠᠷᠠᠳ ᠣᠪᠣᠭᠠᠷᠠᠨ ᠦᠵᠡᠬᠦ᠂ ᠵᠢᠷᠤᠭ ᠪᠢᠴᠢᠯᠭᠡ ᠠᠪᠬᠤ ᠵᠢᠴᠢ ᠵᠥᠪᠰᠢᠶᠡᠷᠡᠯ ᠦᠭᠡᠢ ᠪᠠᠷ ᠬᠤᠯᠪᠣᠭᠳᠠᠯ ᠪᠦᠬᠦᠢ ᠮᠡᠳᠡᠭᠡ ᠵᠠᠩᠭᠢ᠂ ᠵᠢᠷᠤᠭ ᠪᠢᠴᠢᠯᠭᠡ ᠵᠡᠷᠭᠡ ᠶᠢ ᠰᠦᠯᠵᠢᠶᠡᠨ ᠳᠤ  ᠭᠠᠷᠭᠠᠬᠤ ᠶᠢ ᠡᠷᠡᠰ ᠴᠡᠭᠡᠷᠯᠡᠵᠦ᠂ ᠴᠤᠤᠷᠬᠠᠯ ᠲᠠᠷᠬᠠᠭᠠᠭᠰᠠᠳ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                                             ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                                                                                               2022 ᠣᠨ ᠤ 3 ᠰᠠᠷ᠎ᠠ ᠶᠢᠨ 22 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号