ᠨᠢᠭᠤᠴᠠ ᠶᠢ ᠬᠠᠮᠠᠭᠠᠯᠠᠬᠤ ᠪᠣᠯᠪᠠᠰᠤᠷᠠᠯ ᠡᠷᠬᠢᠯᠡᠵᠦ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/3/24
ᠨᠢᠭᠤᠴᠠ ᠶᠢ ᠬᠠᠮᠠᠭᠠᠯᠠᠬᠤ ᠠᠵᠢᠯ ᠤᠨ ᠰᠠᠬᠢᠯᠭ᠎ᠠ ᠲᠦᠷᠢᠮ ᠢ ᠤᠯᠠᠮ ᠴᠢᠩᠭᠠᠳᠬᠠᠵᠤ᠂  ᠺᠠᠳ᠋ᠷᠴᠤᠳ ᠤᠨ ᠨᠢᠭᠤᠴᠠ ᠶᠢ ᠬᠠᠮᠠᠭᠠᠯᠠᠬᠤ ᠤᠬᠠᠮᠰᠠᠷ ᠢ ᠨᠡᠮᠡᠭᠳᠡᠭᠦᠯᠦᠨ᠂ ᠨᠢᠭᠤᠴᠠ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠨᠢᠭᠤᠴᠠ ᠶᠢ ᠬᠠᠮᠠᠭᠠᠯᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠂ 3 ᠰᠠᠷ᠎ᠠ ᠶᠢᠨ 22 ᠤᠨ ᠡᠳᠦᠷ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠨᠢᠭᠤᠴᠠ ᠶᠢ ᠬᠠᠮᠠᠭᠠᠯᠠᠬᠤ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠵᠦ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠡᠰᠢᠭᠲᠦ ᠪᠣᠯᠣᠨ  ᠤᠬᠠᠭᠤᠯᠬᠤ ᠭᠡᠯᠳᠡᠰ ᠤᠨ ᠪᠥᠬᠦ ᠺᠠᠳ᠋ᠷ ᠠᠵᠢᠯᠲᠠᠨ ᠪᠣᠯᠪᠠᠰᠤᠷᠠᠯ ᠳᠤ ᠣᠷᠣᠯᠴᠠᠵᠠᠢ᠃  ᠪᠤᠯᠪᠠᠰᠤᠷᠠᠯ ᠲᠡᠭᠡᠷ᠎ᠡ᠂ ᠬᠤᠰᠢᠭᠤᠨ ᠤ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠤᠪᠴᠢᠶᠠᠨ ᠤ ᠬᠠᠷᠢᠭᠤᠴᠠᠯᠭᠠᠲᠠᠨ ᠠᠴᠠ ᠨᠢᠭᠤᠴᠠ ᠳᠤ ᠬᠤᠯᠪᠣᠭᠳᠠᠬᠤ ᠬᠥᠮᠥᠰ ᠪᠣᠯᠣᠨ ᠨᠢᠭᠤᠴᠠ ᠳᠤ ᠬᠤᠯᠪᠣᠭᠳᠠᠬᠤ ᠠᠴᠢᠶᠠᠯᠠᠪᠤᠷᠢ ᠶᠢᠨ ᠬᠠᠮᠢᠶᠠᠷᠤᠯᠲᠠ᠂ ᠺᠣᠮᠫᠢᠦ᠋ᠲ᠋ᠧᠷ  ᠪᠠ ᠭᠠᠷ ᠤᠲᠠᠰᠤᠨ ᠤ ᠡᠳᠦᠷ ᠲᠤᠲᠤᠮ ᠤᠨ ᠬᠡᠷᠡᠭᠯᠡᠯᠲᠡ ᠳᠤ ᠣᠷᠣᠰᠢᠵᠤ ᠪᠠᠶᠢᠭ᠎ᠠ ᠨᠢᠭᠤᠴᠠ ᠶᠢ ᠵᠠᠳᠠᠷᠠᠭᠤᠯᠬᠤ ᠳᠠᠯᠳᠠ ᠬᠡᠮ ᠪᠣᠯᠣᠨ ᠠᠩᠬᠠᠷᠬᠤ ᠵᠦᠢᠯᠡᠰ᠂ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠤ ᠬᠠᠷᠢᠭᠤᠴᠠᠯᠭ᠎ᠠ᠂ ︽ᠨᠢᠭᠤᠴᠠ ᠶᠢ ᠬᠠᠮᠠᠭᠠᠯᠠᠬᠤ ᠬᠠᠤᠯᠢ︾ ᠶᠢᠨ ᠭᠤᠣᠯ ᠪᠤᠯᠬᠤ ᠵᠤᠷᠪᠤᠰ ᠪᠠᠳᠠᠭ᠂ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠢ ᠬᠤᠳᠠᠯᠳᠤᠨ ᠠᠪᠬᠤ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ ᠬᠠᠤᠯᠢ ᠳᠦᠷᠢᠮ ᠢ ᠬᠦᠨᠳᠦ ᠨᠣᠴᠢᠲᠠᠢ ᠵᠥᠷᠢᠴᠡᠭᠰᠡᠨ ᠠᠷᠪᠠᠨ ᠬᠤᠶᠠᠷ ᠵᠦᠢᠯ ᠤᠨ ᠠᠵᠢᠯᠯᠠᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ ᠲᠠᠶᠢᠯᠤᠮᠵᠢ ᠬᠢᠭᠰᠡᠨ ᠪᠦᠭᠡᠳ ᠨᠡᠶᠢᠲᠡᠯᠢᠭ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠬᠦ ᠪᠠᠷ ᠳᠠᠮᠵᠢᠭᠤᠯᠤᠨ᠂ ᠵᠣᠷᠢᠭᠤᠳᠠ ᠨᠢᠭᠤᠴᠠ ᠶᠢ ᠵᠠᠳᠠᠷᠠᠭᠤᠯᠤᠭᠰᠠᠨ᠂  ᠤᠰᠤᠯ ᠠᠴᠠ ᠪᠣᠯᠵᠤ ᠨᠢᠭᠤᠴᠠ ᠶᠢ ᠵᠠᠳᠠᠷᠠᠭᠤᠯᠤᠭᠰᠠᠨ ᠵᠡᠷᠭᠡ ᠦᠢᠯᠡ ᠠᠵᠢᠯᠯᠠᠭ᠎ᠠ ᠶᠢᠨ ᠤᠯᠤᠰ ᠣᠷᠣᠨ ᠤ ᠠᠮᠤᠷ ᠲᠦᠪᠰᠢᠨ ᠳᠤ ᠤᠴᠠᠷᠠᠭᠤᠯᠤᠭᠰᠠᠨ ᠬᠤᠣᠷ ᠬᠥᠨᠥᠭᠡᠯ ᠢ ᠲᠣᠳᠣᠷᠬᠠᠶᠢᠯᠠᠨ ᠦᠬᠦᠯᠡᠭᠰᠡᠨ ᠪᠠᠶᠢᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠬᠡᠰᠢᠭᠲᠦ ᠠᠴᠠ᠂ ᠳᠠᠷᠠᠭᠠᠴᠢ ᠶᠢᠨ ᠠᠯᠬᠤᠮ ᠳᠤ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠰᠤᠷᠤᠯᠴᠠᠯᠭ᠎ᠠ ᠪᠣᠯᠪᠠᠰᠤᠷᠠᠯ ᠢ ᠤᠯᠠᠮ ᠴᠢᠩᠭᠠᠳᠬᠠᠨ᠂ ᠡᠯ᠎ᠡ  ᠲᠦᠷᠦᠯ ᠤᠨ ᠨᠢᠭᠤᠴᠠ ᠶᠢ ᠬᠠᠮᠠᠭᠠᠯᠠᠬᠤ ᠠᠵᠢᠯ ᠤᠨ ᠳᠦᠷᠢᠮ ᠢ ᠲᠡᠬᠦᠯᠳᠡᠷᠵᠢᠬᠦᠯᠬᠦ ᠭᠡᠷᠡᠭᠳᠡᠢ᠃ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠷ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂  ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠬᠦᠢᠴᠡᠳᠭᠡᠨ᠂ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃  ᠡᠨᠡ ᠤᠳᠠᠭᠠᠨ ᠤ ᠪᠤᠯᠪᠠᠰᠤᠷᠠᠯ ᠢᠶᠠᠷ ᠲᠠᠮᠵᠢᠭᠠᠳ ᠠᠵᠢᠯᠳᠠᠳ ᠲᠤ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠤᠨ ᠲᠤᠬᠠᠢ ᠨᠠᠩ ᠭᠦᠨᠵᠡᠭᠡᠢ ᠲᠠᠨᠢᠯᠲᠠ ᠲᠠᠢ ᠪᠤᠯᠭᠠᠵᠤ᠂ ᠰᠢᠨ᠎ᠡ ᠪᠠᠶᠢᠳᠠᠯ ᠤᠨ ᠳᠣᠣᠷ᠎ᠠ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠬᠦᠯᠦᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠢᠭᠤᠴᠠ ᠶᠢ ᠬᠠᠮᠠᠭᠠᠯᠠᠬᠤ  ᠲᠦᠷᠢᠮ ᠲᠣᠭᠲᠠᠭᠠᠯ ᠢ ᠨᠠᠩ ᠴᠢᠩᠭ᠎ᠠ ᠵᠢᠷᠤᠮᠯᠠᠨ ᠰᠠᠬᠢᠬᠤ ᠳᠤ ᠪᠠᠳᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号