︽ᠲᠡᠷᠭᠡᠳᠡ ᠪᠠᠶᠢᠭ᠎ᠠ ᠦᠯᠢᠬᠡᠷ ᠳᠠᠭᠤᠷᠢᠶᠠᠯ︾ ᠤᠬᠠᠭᠤᠯᠭ᠎ᠠ ᠰᠤᠷᠤᠯᠴᠠᠯᠭ᠎ᠠ ᠶᠢᠨ ᠠᠵᠢᠯᠯᠠᠭ᠎ᠠ ᠶᠢ ᠤᠯᠠᠮ ᠨᠢᠬᠡ | ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠯᠢᠬᠡᠷ ᠳᠠᠭᠤᠷᠢᠶᠠᠯ ᠤᠨ ᠨᠦᠯᠦᠭᠡᠯᠡᠨ ᠲᠠᠶᠢᠴᠢᠯᠠᠬᠤ ᠬᠦᠴᠦᠨ | ᠂ ᠤᠷᠮᠠᠰᠢᠭᠤᠯᠤᠨ ᠵᠣᠷᠢᠭᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 3 ᠰᠠᠷ᠎ᠠ ᠶᠢᠨ | 23 ᠤ ᠡᠳᠦᠷ ᠶᠦᠩ ᠹᠧᠩ ᠪᠠᠯᠭᠠᠰᠤ ︽ᠦᠯᠢᠭᠡᠷ ᠲᠠᠭᠤᠷᠢᠶᠠᠯ ᠢ ᠦᠨᠳᠦᠰᠦᠨ ᠱᠠᠳᠤᠨ ᠳᠤ ᠤᠬᠠᠭᠤᠯᠬᠤ︾ | ᠤᠬᠠᠭᠤᠯᠭ᠎ᠠ ᠲᠠᠶᠢᠯᠤᠮᠵᠢ ᠶᠢᠨ ᠠᠵᠢᠯᠯᠠᠭ᠎ᠠ ᠥᠷᠨᠢᠭᠦᠯᠵᠦ᠂ ᠪᠦᠬᠦ ᠪᠠᠯᠭᠠᠰᠤᠨ ᠤ 19 ᠲᠣᠰᠬᠤᠨ ᠤ ᠨᠠᠮ ᠤᠨ | ᠡᠭᠦᠷ ᠤᠨ ᠱᠦᠵᠢ ᠪᠠ ᠡᠯ᠎ᠡ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | 40 ᠭᠠᠷᠤᠢ ᠬᠥᠮᠥᠨ ᠬᠤᠷᠠᠯ ᠳᠤ ᠤᠷᠤᠯᠴᠠᠵᠤ ᠲᠠᠶᠢᠯᠤᠮᠵᠢ ᠶᠢ ᠰᠣᠨᠣᠰᠴᠠᠢ᠃ ᠪᠦᠬᠦ ᠤᠯᠤᠰ ᠤᠨ ᠬᠠᠤᠯᠢ ᠶᠢᠨ | ᠠᠵᠢᠯ ᠤᠨ ᠵᠢᠱᠢᠶᠡᠴᠢ᠂ ᠶᠦᠩ ᠹᠧᠩ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠳᠠᠷᠤᠭ᠎ᠠ ᠭᠦᠸᠧ ᠹᠠᠩ | ᠨᠥᠬᠦᠷ ᠠᠴᠠ ᠬᠤᠪᠢ ᠬᠥᠮᠥᠨ ᠤ ᠠᠵᠢᠯ ᠤᠨ ᠥᠩᠭᠡᠷᠡᠯᠲᠡ᠂ ᠬᠠᠤᠯᠢ ᠴᠠᠭᠠᠵᠠ ᠶᠢᠨ ᠰᠠᠯᠪᠤᠷᠢ ᠶᠢᠨ ᠡᠭᠦᠷᠭᠡ | ᠴᠢᠳᠠᠪᠬᠢ ᠪᠣᠯᠣᠨ ᠦᠨᠡᠨ ᠪᠣᠳᠠᠲᠠᠢ ᠬᠡᠷᠡᠭ ᠤᠨ ᠵᠢᠱᠢᠶ᠎ᠡ ᠵᠡᠷᠭᠡ ᠶᠢᠨ ᠲᠤᠭᠤᠷᠢᠨ ᠳᠤ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠠᠵᠢᠯ ᠤᠨ ᠳᠤᠮᠳᠠᠬᠢ ᠤᠯᠤᠯᠳᠠ ᠲᠥᠷᠥᠭᠳᠡᠯ ᠢᠶᠠᠨ ᠤᠯᠠᠨ ᠲᠠᠢ ᠬᠤᠪᠢᠶᠠᠯᠴᠠᠭᠰᠠᠨ ᠪᠠᠶᠢᠨ᠎ᠠ᠃ | ᠭᠦᠸᠧ ᠹᠠᠩ ᠲᠠᠶᠢᠯᠤᠮᠵᠢ ᠳᠠᠭᠠᠨ᠂ ᠬᠥᠳᠡᠭᠡ ᠲᠣᠰᠬᠤᠨ ᠤ ᠬᠠᠤᠯᠢ ᠴᠠᠭᠠᠵᠠ ᠶᠢᠨ ᠤᠬᠠᠮᠰᠠᠷ ᠪᠠᠭᠤᠷᠠᠢ ᠪᠠᠶᠢᠭ᠎ᠠ | ᠪᠠᠶᠢᠳᠠᠯ ᠢ ᠬᠤᠪᠢᠷᠠᠭᠤᠯᠤᠶ᠎ᠠ ᠭᠡᠪᠡᠯ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠤᠬᠠᠭᠤᠯᠭ᠎ᠠ | ᠲᠦᠬᠡᠮᠡᠯᠵᠢᠬᠦᠯᠦᠯᠳᠡ ᠶᠢ ᠰᠠᠶᠢᠨ ᠬᠢᠵᠦ᠂ ︽ᠬᠠᠤᠯᠢ︾ ᠶᠢ ᠲᠦᠭ ᠲᠦᠮᠡᠨ ᠠᠶᠢᠯ ᠡᠷᠦᠬᠡ ᠳᠤ ᠤᠷᠤᠭᠤᠯᠤᠨ᠂ ︽ | ᠬᠠᠤᠯᠢ︾ ᠶᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠣᠯᠠᠨ ᠲᠦᠮᠡᠨ ᠢ ᠳᠠᠶᠢᠴᠢᠯᠠᠨ ᠬᠠᠮᠲᠤ ᠪᠠᠷ | ᠬᠠᠤᠯᠢ ᠶᠢ ᠰᠤᠷᠤᠯᠴᠠᠵᠤ᠂ ᠬᠠᠤᠯᠢ ᠶᠢ ᠰᠠᠬᠢᠵᠤ᠂ ᠬᠠᠤᠯᠢ ᠴᠠᠭᠠᠵᠠ ᠪᠠᠷ ᠥᠪᠡᠷ ᠤᠨ ᠡᠷᠬᠡ ᠠᠰᠢᠭ ᠢᠶᠠᠨ ᠦᠨᠡᠨ ᠬᠦ | ᠬᠠᠮᠠᠭᠠᠯᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠨᠢᠭᠡᠪᠦᠷᠢ ᠴᠥᠮ ᠤᠯᠠᠨ ᠲᠦᠮᠡᠨ ᠤ ᠲᠦᠯᠦᠭᠡ ᠪᠣᠳᠣᠯᠬᠢᠯᠠᠵᠤ᠂ | ᠤᠯᠠᠨ ᠲᠦᠮᠡᠨ ᠤ ᠲᠦᠯᠦᠭᠡ ᠰᠠᠨᠠᠭᠠᠰᠢᠷᠠᠵᠤ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠠᠵᠢᠯ ᠤᠨ | ᠳᠤᠮᠳᠠ ᠪᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠥᠪᠡᠷ ᠤᠨ ᠪᠣᠳᠠᠲᠤ | ᠠᠵᠢᠯᠯᠠᠭ᠎ᠠ ᠪᠠᠷ ᠢᠶᠠᠨ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ | ᠬᠡᠷᠡᠭᠲᠡᠢ ᠬᠡᠵᠦ ᠶᠠᠷᠢᠵᠠᠢ᠃ ᠬᠤᠷᠠᠯ ᠳᠤ ᠤᠷᠤᠯᠴᠠᠭᠰᠠᠳ ᠲᠡᠷᠢᠭᠦᠨ ᠤ ᠦᠢᠯᠡ ᠠᠵᠢᠯᠯᠠᠭ᠎ᠠ ᠶᠢ ᠰᠤᠨᠤᠰᠤᠭᠰᠠᠨ ᠤ | ᠲᠠᠷᠠᠭ᠎ᠠ᠂ ᠵᠢᠱᠢᠶᠡᠴᠢ ᠰᠠᠶᠢᠶᠢᠴᠤᠤᠯ ᠢᠶᠠᠷ ᠦᠯᠢᠭᠡᠷ ᠳᠠᠭᠤᠷᠢᠶᠠᠯ ᠪᠣᠯᠭᠠᠵᠤ᠂ ᠦᠵᠡᠯ ᠰᠠᠨᠠᠭ᠎ᠠ ᠪᠠᠨ ᠤᠯᠠᠮ | ᠨᠢᠭᠡᠳᠬᠡᠨ᠂ ᠬᠠᠮᠲᠤ ᠶᠢᠨ ᠲᠠᠨᠢᠯᠲᠠ ᠪᠠᠨ ᠴᠢᠨᠠᠭᠰᠢᠳᠠ ᠨᠢᠭᠲᠠᠷᠠᠭᠤᠯᠵᠤ ᠂ ᠢᠲᠡᠭᠡᠯ ᠵᠣᠷᠢᠭ ᠢᠶᠠᠨ ᠪᠠᠲᠤᠳᠬᠠᠨ᠂ | ᠦᠨᠳᠦᠰᠦᠨ ᠱᠠᠲᠤᠨ ᠤ ᠨᠠᠮ ᠤᠨ ᠭᠡᠰᠢᠭᠦᠨ ᠪᠠ ᠠᠷᠠᠳ ᠤᠨ ᠲᠥᠯᠥᠭᠡᠯᠡᠭᠴᠢᠳ ᠤᠨ ᠬᠥᠲᠥᠯᠥᠨ ᠵᠢᠯᠤᠭᠤᠳᠬᠤ | ᠦᠢᠯᠡᠳᠦᠯ ᠢᠶᠠᠨ ᠪᠠᠳᠠᠷᠠᠭᠤᠯᠵᠤ᠂ ᠠᠵᠢᠯ ᠠᠮᠢᠳᠤᠷᠠᠯ ᠤᠨ ᠳᠤᠮᠳᠠ ᠪᠠᠨ ᠲᠡᠷᠢᠭᠦᠨ ᠤ ᠪᠣᠯᠬᠤ ᠪᠠᠷ ᠴᠢᠷᠮᠠᠶᠢᠨ᠂ | ᠠᠵᠢᠯ ᠬᠢᠵᠦ ᠦᠢᠯᠡᠰ ᠪᠦᠳᠦᠬᠡᠬᠦ ᠡᠷᠡᠰ ᠪᠠᠲᠤ ᠵᠣᠷᠢᠭ ᠢᠶᠠᠷ ᠡᠯ᠎ᠡ ᠲᠦᠷᠦᠯ ᠤᠨ ᠠᠵᠢᠯ ᠢᠶᠠᠨ ᠡᠮᠬᠢ ᠵᠢᠷᠤᠮ ᠲᠠᠢ | ᠦᠷᠨᠢᠬᠦᠯᠦᠨ᠎ᠡ ᠬᠡᠮᠡᠨ ᠢᠳᠡᠭᠡᠯ ᠵᠤᠷᠢᠭ ᠢᠶᠠᠨ ᠢᠯᠡᠳᠭᠡᠵᠡᠭᠡᠨᠡ᠃ |