ᠲᠦᠷᠭᠡᠨ ᠠᠪᠤᠷᠠᠯᠳᠠ ᠶᠢᠨ ᠲᠡᠷᠭᠡ ᠬᠦᠷᠭᠡᠵᠦ ᠬᠢᠵᠢᠭ ᠰᠡᠷᠭᠡᠶᠢᠯᠡᠯᠳᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/3/28
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠲᠢᠶᠠᠨᠵᠢᠨ ᠤ ᠰᠢᠨ ᠭᠠᠩ ᠰᠢᠨᠵᠢᠯᠡᠭᠡ ᠮᠡᠷᠭᠡᠵᠢᠯ ᠤᠨ ᠬᠦᠭᠵᠢᠬᠦᠯᠦᠯᠳᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠢᠨ ᠲᠠᠶᠢᠹᠤᠰᠧ ᠬᠤᠰᠢᠭᠤᠨ ᠤ ᠬᠢᠳᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠳᠤ 70 ᠲᠦᠮᠡᠨ ᠲᠥᠭᠦᠷᠢᠭ ᠤᠨ ᠦᠷᠳᠡᠭ ᠪᠦᠬᠦᠢ  ᠲᠦᠷᠭᠡᠨ ᠠᠪᠤᠷᠠᠯᠳᠠ ᠶᠢᠨ ᠲᠡᠷᠭᠡ ᠶᠢ ᠬᠠᠨᠳᠢᠪᠯᠡᠵᠤ᠂ ᠣᠷᠣᠨ ᠨᠤᠲᠤᠭ ᠤᠨ ᠬᠢᠵᠢᠭ ᠰᠡᠷᠭᠡᠶᠢᠯᠡᠬᠦ ᠠᠵᠢᠯ ᠳᠤ ᠶᠡᠬᠡᠬᠡᠨ ᠲᠤᠰᠠ ᠨᠡᠮᠡᠷᠢᠯᠡᠵᠦ᠂  ᠠᠵᠤ ᠠᠬᠤᠶᠢᠯᠠᠯ ᠤᠨ ᠨᠡᠶᠢᠬᠡᠮ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠨ᠎ᠠ᠃  3 ᠰᠠᠷ᠎ᠠ ᠶᠢᠨ 24  ᠤ ᠡᠳᠦᠷ ᠶᠠᠪᠤᠭᠳᠠᠭᠰᠠᠨ ᠬᠠᠨᠳᠢᠪᠯᠠᠬᠤ ᠶᠤᠰᠤᠯᠠᠯ ᠳᠤ ᠬᠤᠰᠢᠭᠤ ᠨᠠᠮ ᠤᠨ  ᠬᠤᠷᠢᠶᠠᠨ ᠤ ᠳᠡᠳ᠋ ᠱᠦᠵᠢ ᠸᠠᠩ ᠸᠧᠢ ᠬᠤᠩ  ᠂ ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠶᠦᠩ ᠾᠧ  ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢ ᠵᠢᠦ ᠴᠧᠩ ᠵᠢᠴᠢ  ᠰᠢᠨ ᠭᠠᠩ  ᠺᠣᠮᠫᠠᠨᠢ ᠶᠢᠨ ᠶᠡᠷᠦᠩᠬᠡᠢ ᠵᠠᠬᠢᠷᠤᠯ ᠳ᠋ᠦ᠋ ᠰᠢᠨ᠂   ᠰᠢᠨ ᠭᠠᠩ ᠺᠣᠮᠫᠠᠨᠢ ᠶᠢᠨ ᠲᠠᠶᠢᠹᠤᠰᠧ ᠬᠤᠰᠢᠭᠤᠨ ᠳᠠᠬᠢ ᠶᠡᠷᠦᠩᠬᠡᠢ ᠳᠠᠭᠠᠭᠠᠮᠠᠯ ᠯᠢ ᠸᠧᠢ ᠨᠠᠷ ᠣᠷᠣᠯᠴᠠᠵᠠᠢ᠃ ᠡᠷᠳᠡᠨᠢᠪᠠᠲᠤ ᠪᠠᠶᠠᠷ ᠤᠨ ᠦᠭᠡ ᠬᠡᠯᠡᠬᠦ ᠳᠡᠭᠡᠨ᠂  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ   ᠳᠤ ᠴᠢᠭᠯᠡᠬᠦᠯᠦᠨ᠂  ᠰᠢᠨ ᠭᠠᠩ  ᠺᠣᠮᠫᠠᠨᠢ   ᠶᠢᠨ ᠬᠢᠨ ᠰᠠᠨᠠᠭᠠᠴᠢᠯᠠᠭ᠎ᠠ ᠠᠴᠠ ᠪᠠᠨ  ᠪᠢᠳᠡᠨ ᠲᠠᠢ ᠬᠠᠷᠢᠯᠴᠠᠵᠤ᠂ ᠲᠦᠷᠭᠡᠨ ᠠᠪᠤᠷᠠᠯᠳᠠ ᠶᠢᠨ ᠲᠡᠷᠭᠡ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠢ ᠪᠦᠲᠦᠮᠵᠢᠲᠡᠢ  ᠰᠢᠢᠳᠪᠦᠷᠢᠯᠡᠭᠡᠳ᠂  ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠡᠢ᠃  ᠬᠦᠨᠳᠦ ᠪᠡᠯᠡᠭ   ᠢ ᠭᠥᠯᠢᠶᠡᠨ ᠠᠪᠤᠭᠰᠠᠨ ᠬᠢᠲᠠᠳ ᠮᠣᠩᠭᠤᠯ ᠤᠨ ᠡᠮᠨᠡᠯᠭᠡ   ᠶᠢᠨ  ᠬᠤᠷᠢᠶᠠᠨ ᠤ ᠬᠢᠨ  ᠲᠦᠷᠭᠡᠨ ᠠᠪᠤᠷᠠᠯᠳᠠ   ᠶᠢᠨ ᠲᠡᠷᠭᠡ   ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ  ᠬᠡᠷᠡᠭᠯᠡᠨ᠂  ᠮᠠᠰᠢᠨ ᠲᠦᠬᠦᠭᠡᠷᠦᠮᠵᠢ ᠶᠢᠨ ᠦᠢᠯᠡᠳᠦᠯ ᠴᠢᠳᠠᠮᠵᠢ ᠶᠢ ᠬᠦᠢᠴᠡᠳ ᠪᠠᠳᠠᠷᠠᠭᠤᠯᠵᠤ᠂  ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭᠴᠡᠭᠡ ᠶᠢ ᠬᠠᠩᠭᠠᠨ᠂ ᠥᠷᠭᠡᠨ ᠣᠯᠠᠨ ᠲᠦᠮᠡᠨ ᠳᠤ ᠨᠠᠩ   ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡ ᠬᠠᠩᠭᠠᠵᠤ᠂   ᠬᠠᠨᠳᠢᠪᠯᠠᠨ ᠬᠦᠷᠭᠡᠭᠰᠡᠨ ᠠᠵᠤ ᠠᠬᠤᠶᠢᠯᠠᠯ ᠤᠨ ᠬᠦᠨᠳᠦ ᠨᠠᠶᠢᠳᠠᠯᠭ᠎ᠠ   ᠶᠢ ᠬᠥᠰᠡᠷᠳᠡᠭᠦᠯᠬᠦ ᠦᠭᠡᠢ ᠪᠠᠶᠢᠬᠤ ᠶᠢ ᠬᠦᠰᠡᠵᠦ ᠪᠠᠶᠢᠨ᠎ᠠ ᠭᠡᠵᠡᠢ᠃  ᠯᠢ ᠸᠧᠢ ᠢᠯᠡᠷᠭᠡᠶᠢᠯᠡᠬᠦ ᠳᠡᠭᠡᠨ᠂ ᠰᠢᠨ ᠭᠠᠩ ᠺᠤᠮᠫᠠᠨᠢ ᠶᠢᠨ ᠬᠢᠨ ᠲᠠᠶᠢᠹᠤᠰᠧ ᠬᠤᠰᠢᠭᠤᠨ ᠳᠤ ᠣᠷᠣᠵᠤ  ᠨᠤᠳᠤᠬᠰᠢᠬᠰᠠᠨ ᠠᠷᠪᠠᠭᠠᠳ ᠵᠢᠯ ᠤᠨ ᠲᠤᠷᠰᠢ   ᠨᠡᠶᠢᠭᠡᠮ ᠨᠡᠶᠢᠳᠡ ᠳᠤ ᠬᠤᠪᠢ ᠨᠡᠮᠡᠷᠢ ᠦᠵᠡᠭᠦᠯᠬᠦ ᠵᠣᠷᠢᠯᠲᠠ ᠶᠢ ᠪᠠᠷᠢᠮᠳᠠᠯᠠᠨ᠂ ᠠᠵᠤ ᠠᠬᠤᠶᠢᠯᠠᠯ ᠤᠨ ᠬᠥᠭᠵᠢᠯᠲᠡ ᠪᠠᠨ ᠠᠬᠢᠭᠤᠯᠬᠤ ᠶᠢᠨ ᠬᠠᠮᠲᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠢ ᠣᠷᠣᠯᠴᠠᠵᠤ ᠢᠷᠡᠵᠡᠢ᠃ ᠮᠠᠨ ᠤ ᠺᠤᠮᠫᠠᠨᠢ ᠨᠢ  ᠲᠠᠶᠢᠹᠤᠰᠧ ᠬᠤᠰᠢᠭᠤᠨ ᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠷᠢᠶᠡᠨ ᠳᠠᠬᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠡᠶᠢᠮᠦᠷᠬᠦ ᠠᠷᠭ᠎ᠠ ᠬᠡᠯᠪᠡᠷᠢ ᠪᠠᠷ ᠣᠷᠣᠨ ᠨᠤᠲᠤᠭ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠠᠵᠢᠯ ᠳᠤ ᠣᠷᠣᠯᠴᠠᠵᠤ ᠴᠢᠳᠠᠭᠰᠠᠨ ᠳᠠᠭᠠᠨ ᠮᠠᠰᠢ ᠶᠡᠭᠡ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ᠃ ᠠᠵᠤ ᠠᠬᠤᠶᠢᠯᠠᠯ ᠨᠢ ᠬᠤᠶᠢᠰᠢᠳᠠ ᠶᠢᠨ ᠬᠥᠭᠵᠢᠯᠲᠡ ᠶᠢᠨ ᠶᠠᠪᠤᠴᠠ ᠳᠠᠭᠠᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠣᠷᠣᠨ ᠨᠤᠲᠤᠭ ᠤᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠦ᠂ ᠦᠵᠡᠰᠬᠦᠯᠡᠩᠲᠦ ᠰᠠᠶᠢᠬᠠᠨ ᠲᠠᠶᠢᠹᠤᠰᠧ ᠬᠤᠰᠢᠭᠤ ᠶᠢ  ᠪᠠᠶᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠬᠦᠯᠦᠨ᠎ᠡ ᠬᠡᠵᠡᠢ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠢᠳᠠᠳ ᠮᠣᠩᠭᠤᠯ ᠤᠨ ᠡᠮᠨᠡᠯᠭᠡ ᠶᠢᠨ ᠬᠤᠷᠢᠶ᠎ᠠ᠂ ᠰᠢᠨ ᠭᠠᠩ ᠺᠤᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠠᠨᠳᠢᠪ ᠤᠨ ᠶᠣᠰᠣᠯᠠᠯ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号