60 ᠨᠠᠰᠤᠨ ᠠᠴᠠ ᠳᠡᠭᠡᠭᠰᠢᠬᠢ ᠬᠥᠮᠥᠰ ᠲᠤ ᠰᠡᠷᠭᠡᠶᠢᠯᠡᠯᠳᠡ ᠶᠢᠨ ᠲᠠᠷᠢᠯᠭ᠎ᠠ ᠲᠠᠷᠢᠬᠤ ᠶᠢ ᠲᠦᠷᠭᠡᠳᠭᠡᠵᠦ᠂ | ᠨᠠᠰᠤᠲᠠᠶᠢᠴᠤᠳ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠰᠡᠷᠭᠡᠶᠢᠯᠡᠯᠳᠡ ᠶᠢᠨ ᠬᠠᠯᠬᠠᠪᠴᠢ ᠶᠢ ᠪᠠᠳᠤ ᠴᠤᠭᠴᠠᠯᠠᠬᠤ ᠶᠢᠨ ᠲᠦᠯᠦᠭᠡ᠂ ᠠᠰᠠᠷᠠᠮᠵᠢ ᠶᠢᠨ | ᠬᠦᠷᠢᠶᠡᠯᠡᠩ ᠤᠨ ᠨᠠᠰᠤᠲᠠᠶᠢᠴᠤᠳ ᠤᠨ ᠨᠠᠰᠤ ᠨᠢ ᠨᠡᠯᠢᠶᠡᠳ ᠦᠨᠳᠦᠷ᠂ ᠬᠥᠳᠡᠯᠵᠦ ᠪᠠᠷᠢᠬᠤ ᠳᠤ ᠳᠥᠭᠦᠮ ᠦᠭᠡᠢ | ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ ᠂ ᠲᠠᠶᠢᠹᠤᠰᠧ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠮᠴᠢ | ᠰᠤᠪᠢᠯᠠᠭᠴᠢᠳ ᠬᠤᠰᠢᠭᠤᠨ ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠣᠴᠢᠵᠤ᠂ ᠠᠳᠡᠬᠢ | ᠨᠠᠰᠤᠲᠠᠶᠢᠴᠤᠳ ᠲᠤ ᠰᠡᠷᠭᠡᠶᠢᠯᠡᠯᠳᠡ ᠶᠢᠨ ᠲᠠᠷᠢᠯᠭ᠎ᠠ ᠬᠢᠵᠦ ᠦᠭᠬᠦᠭᠡᠳ᠂ ᠨᠠᠰᠤᠲᠠᠶᠢᠴᠤᠳ ᠤᠨ ᠡᠷᠡᠭᠦᠯ ᠮᠡᠨᠳᠦ | ᠠᠮᠤᠷ ᠲᠦᠪᠰᠢᠨ ᠢ ᠬᠠᠮᠠᠭᠠᠯᠠᠭᠰᠠᠨ ᠪᠠᠶᠢᠨ᠎ᠠ᠃ ᠲᠠᠷᠢᠯᠭ᠎ᠠ ᠶᠢᠨ ᠲᠠᠯᠠᠪᠤᠷ ᠲᠤ᠂ ᠡᠮᠴᠢ ᠰᠤᠪᠢᠯᠠᠭᠴᠢᠳ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠵᠤ᠂ ᠨᠥᠬᠦᠴᠡᠯ ᠳᠤ | ᠨᠡᠶᠢᠴᠡᠭᠰᠡᠨ ᠨᠠᠰᠤᠲᠠᠶᠢᠴᠤᠳ ᠲᠤ ᠲᠠᠰ ᠳᠠᠷᠠᠭᠠᠯᠠᠨ ᠰᠡᠷᠭᠡᠶᠢᠯᠡᠯᠳᠡ ᠶᠢᠨ ᠲᠠᠷᠢᠯᠭ᠎ᠠ ᠬᠢᠵᠦ ᠦᠭᠬᠦᠭᠰᠡᠨ ᠤ ᠬᠠᠮᠲᠤ | ᠠᠩᠬᠠᠷᠴᠤ ᠴᠡᠭᠡᠷᠯᠡᠬᠦ ᠵᠦᠢᠯ ᠢ ᠨᠠᠷᠢᠨ ᠨᠢᠮᠪᠠᠢ ᠵᠠᠬᠢᠨ ᠰᠠᠨᠠᠭᠤᠯᠵᠤ᠂ ᠪᠦᠷᠢᠳᠬᠡᠨ ᠲᠠᠩᠰᠠᠯᠠᠬᠤ᠂ ᠲᠠᠷᠢᠯᠭ᠎ᠠ | ᠲᠠᠷᠢᠬᠤ᠂ ᠦᠯᠡᠳᠡᠭᠡᠨ ᠠᠵᠢᠭᠯᠠᠬᠤ ᠵᠡᠷᠭᠡ ᠪᠦᠬᠦ ᠶᠠᠪᠤᠴᠠ ᠳᠤ ᠨᠠᠰᠤᠳᠠᠶᠢᠴᠤᠳ ᠢ ᠰᠡᠳᠬᠢᠯ ᠲᠠᠯᠪᠢᠨ ᠬᠠᠷᠠᠭᠠᠯᠵᠠᠵᠤ | ᠪᠠᠶᠢᠯ᠎ᠠ᠃ ᠪᠦᠷᠢᠳᠬᠡᠯ ᠢ ᠦᠨᠳᠦᠰᠦᠯᠡᠪᠡᠯ᠂ ᠡᠨᠡ ᠤᠳᠠᠭ᠎ᠠ ᠠᠰᠠᠷᠠᠮᠵᠢ ᠶᠢᠨ ᠬᠦᠷᠢᠶᠡᠯᠡᠩ ᠤᠨ ᠲᠠᠷᠢᠯᠭ᠎ᠠ ᠬᠢᠬᠦ | ᠨᠥᠬᠦᠴᠡᠯ ᠳᠤ ᠨᠡᠶᠢᠴᠡᠭᠰᠡᠨ 146 ᠨᠠᠰᠤᠲᠠᠨ ᠳᠤ ᠰᠡᠷᠭᠡᠶᠢᠯᠡᠯᠳᠡ ᠶᠢᠨ ᠲᠠᠷᠢᠯᠭ᠎ᠠ ᠶᠢ ᠲᠠᠷᠢᠵᠠᠢ᠃ ᠠᠰᠠᠷᠠᠮᠵᠢ | ᠶᠢᠨ ᠬᠦᠷᠢᠶᠡᠯᠡᠩ ᠳᠤᠨᠢ ᠬᠦᠷᠴᠦ ᠰᠡᠷᠭᠡᠶᠢᠯᠡᠯᠳᠡ ᠶᠢᠨ ᠲᠠᠷᠢᠯᠭ᠎ᠠ ᠶᠢ ᠬᠢᠬᠦ ᠨᠢ ᠨᠠᠰᠤᠲᠠᠶᠢᠴᠤᠳ ᠲᠤ ᠲᠤᠶᠢᠯ ᠤᠨ | ᠶᠡᠭᠡ ᠲᠥᠬᠦᠮ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ ᠨᠠᠰᠤᠲᠠᠶᠢᠴᠤᠳ ᠤᠨ ᠤᠯᠤᠯᠳᠠ ᠬᠦᠷᠲᠡᠮᠵᠢ ᠶᠢᠨ | ᠲᠥᠷᠥᠭᠳᠡᠯ᠂ ᠠᠵᠠ ᠵᠢᠷᠭᠠᠯ ᠤᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ | ᠠᠰᠠᠷᠠᠮᠵᠢ ᠶᠢᠨ ᠪᠠᠶᠢᠭᠤᠯᠤᠮᠵᠢ ᠳᠤ ᠰᠡᠷᠭᠡᠶᠢᠯᠡᠯᠳᠡ ᠶᠢᠨ ᠬᠠᠯᠬᠠᠪᠴᠢ ᠶᠢ ᠲᠦᠷᠭᠡᠨ ᠪᠠᠶᠢᠭᠤᠯᠬᠤ ᠳᠤ ᠪᠠᠳᠤᠯᠠᠭ᠎ᠠ | ᠪᠤᠯᠤᠭᠰᠠᠨ ᠪᠠᠶᠢᠨ᠎ᠠ᠃ | ︽ᠡᠮᠴᠢ ᠰᠤᠪᠢᠯᠠᠭᠴᠢ ᠪᠣᠯᠣᠨ ᠬᠦᠷᠢᠶᠡᠯᠡᠩ ᠤᠨ ᠠᠵᠢᠯᠳᠠᠳ ᠪᠢᠳᠡᠨ ᠢ ᠣᠨᠴᠠᠭᠠᠶ ᠬᠠᠯᠠᠮᠵᠢᠯᠠᠨ | ᠬᠠᠷᠠᠭᠠᠯᠵᠠᠯᠠ᠂ ᠲᠠᠷᠢᠯᠭ᠎ᠠ ᠳᠠᠷᠢᠭᠤᠯᠤᠭᠰᠠᠨ ᠤ ᠳᠠᠷᠠᠭ᠎ᠠ ᠥᠪᠡᠷ ᠢᠶᠠᠨ ᠴᠦ ᠰᠠᠨᠠᠭ᠎ᠠ ᠠᠮᠤᠷ ᠪᠣᠯᠵᠤ᠂ ᠭᠡᠷ ᠤᠨ | ᠬᠥᠮᠥᠰ ᠴᠦ ᠰᠠᠨᠠᠭ᠎ᠠ ᠠᠮᠤᠷ ᠪᠤᠯᠤᠭᠰᠠᠨ︾ ᠭᠡᠵᠦ ᠲᠠᠷᠢᠯᠭ᠎ᠠ ᠬᠢᠯᠭᠡᠭᠰᠡᠨ ᠵᠣᠣ ᠬᠤᠩ ᠯᠢᠨ ᠨᠠᠰᠤᠲᠠᠨ ᠡᠷᠡᠬᠡᠢ | ᠭᠤᠵᠣᠶᠢᠯᠭᠠᠨ ᠶᠠᠷᠢᠵᠤ ᠭᠠᠷᠤᠯ᠎ᠠ᠃ | ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠲᠠᠷᠢᠯᠭ᠎ᠠ ᠶᠢᠨ ᠠᠵᠢᠯ ᠢ ᠦᠷᠭᠦᠯᠵᠢᠯᠡᠨ | ᠠᠬᠢᠭᠤᠯᠵᠤ᠂ ᠨᠠᠰᠤᠲᠠᠶᠢᠴᠤᠳ ᠤᠨ ᠦᠵᠡᠵᠦ ᠰᠣᠨᠢᠷᠬᠠᠬᠤ ᠳᠤᠷᠠᠲᠠᠢ ᠤᠬᠠᠭᠤᠯᠭ᠎ᠠ ᠶᠢᠨ ᠠᠷᠭ᠎ᠠ ᠮᠠᠶ᠋ᠢᠭ ᠢ | ᠭᠦᠢᠴᠡᠳ ᠠᠰᠢᠭᠯᠠᠨ᠂ ᠰᠡᠷᠭᠡᠶᠢᠯᠡᠯᠳᠡ ᠶᠢᠨ ᠲᠠᠷᠢᠯᠭ᠎ᠠ ᠶᠢᠨ ᠠᠮᠤᠷ ᠲᠦᠪᠰᠢᠨ ᠴᠢᠨᠠᠷ ᠪᠠ ᠲᠠᠷᠢᠯᠭ᠎ᠠ ᠬᠢᠬᠦ ᠶᠢᠨ | ᠠᠴᠢ ᠬᠤᠯᠪᠣᠭᠳᠠᠯ ᠢ ᠣᠯᠠᠨ ᠲᠠᠯ᠎ᠠ ᠠᠴᠠ ᠥᠨᠳᠥᠷ ᠨᠢᠭᠲᠠᠴᠠ ᠪᠠᠷ ᠤᠬᠠᠭᠤᠯᠵᠤ᠂ ᠨᠠᠰᠤᠲᠠᠶᠢᠴᠤᠳ ᠢ ᠬᠥᠲᠥᠯᠥᠨ | ᠵᠢᠯᠤᠭᠤᠳᠴᠤ ᠪᠠᠶᠢᠭᠠᠳ ᠬᠢᠵᠢᠭ ᠰᠡᠷᠭᠡᠶᠢᠯᠡᠬᠦ ᠦᠵᠡᠯ ᠤᠬᠠᠮᠰᠠᠷ ᠢ ᠨᠢ ᠲᠡᠭᠡᠭᠰᠢᠯᠡᠬᠦᠯᠦᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠰᠡᠷᠭᠡᠶᠢᠯᠡᠯᠳᠡ ᠶᠢᠨ | ᠬᠠᠯᠬᠠᠪᠴᠢ ᠶᠢ ᠪᠠᠬᠢᠵᠢᠬᠦᠯᠬᠦ ᠪᠠᠷ ᠪᠠᠶᠢᠨ᠎ᠠ᠃ |