ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ | ᠤᠭᠲᠤᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠡᠬᠢᠯᠡᠭᠰᠡᠨ ᠠᠴᠠ ᠨᠠᠰᠢ᠂ ᠲᠠᠶᠢᠹᠦᠰᠧ | ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠨᠢ ᠰᠡᠳᠬᠢᠯ ᠢᠶᠠᠨ ᠨᠢᠭᠡᠳᠬᠡᠨ ᠬᠦᠴᠦᠨ ᠢᠶᠠᠨ | ᠬᠠᠮᠲᠤᠳᠬᠠᠵᠤ᠂ ︽ᠨᠢᠭᠡ ᠬᠥᠯᠭᠡ ᠰᠢᠲᠠᠷ᠎ᠠ︾ ᠶᠢᠨ ᠤᠬᠠᠮᠰᠠᠷ ᠢ ᠪᠤᠢ ᠪᠤᠯᠭᠠᠨ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠪᠣᠯᠣᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ | ᠦᠷ᠎ᠡ ᠪᠦᠲᠦᠭᠡᠯ ᠢ ᠭᠦᠨᠵᠡᠭᠡᠶᠢᠷᠡᠭᠦᠯᠬᠦ ᠪᠠᠷ ᠠᠵᠠ ᠲᠣᠬᠢᠶᠠᠯ ᠪᠣᠯᠭᠠᠵᠤ᠂ ᠡᠯ᠎ᠡ ᠤᠯᠤᠰ ᠲᠦᠷᠦ ᠬᠠᠤᠯᠢ | ᠴᠠᠭᠠᠵᠠ ᠶᠢᠨ ᠪᠠᠶᠢᠭᠤᠯᠭ᠎ᠠ ᠨᠢ ᠦᠪᠡᠷ ᠦᠪᠡᠷ ᠤᠨ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠤᠨ ᠪᠦᠲᠦᠮᠵᠢᠲᠡᠢ | ᠠᠷᠭ᠎ᠠ ᠪᠤᠳᠤᠯᠭ᠎ᠠ ᠲᠣᠭᠲᠠᠭᠠᠵᠤ᠂ ᠬᠢᠵᠢᠭ ᠰᠡᠷᠭᠡᠶᠢᠯᠡᠬᠦ ᠠᠵᠢᠯ ᠪᠠ ᠲᠤᠬᠠᠶᠢᠯᠠᠭᠰᠠᠨ ᠠᠵᠢᠯ ᠤᠨ ᠠᠯᠢᠨ ᠢ ᠨᠢ ᠴᠦ | ᠰᠠᠭᠠᠲᠠᠭᠠᠬᠤ ᠦᠭᠡᠢ ᠪᠠᠶᠢᠬᠤ ᠶᠢ ᠪᠠᠷᠢᠮᠳᠠᠯᠠᠨ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠭᠡᠳ᠂ ᠠᠵᠤ ᠠᠬᠤᠶᠢᠯᠠᠯ ᠤᠨ ᠰᠠᠶᠢᠨ ᠦᠨᠡᠯᠡᠯᠲᠡ ᠶᠢ ᠤᠯᠵᠤ ᠪᠠᠶᠢᠨ᠎ᠠ᠃ | ᠲᠠᠶᠢᠹᠤᠰᠧ ᠬᠤᠰᠢᠭᠤᠨ ᠤ ᠰᠢᠨ ᠭᠠᠩ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠹᠠᠨ ᠳ᠋ᠦᠩ ᠰᠢᠶᠠ᠄ ︽ᠨᠢᠳᠤᠨᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ | ᠬᠥᠮᠦᠵᠢᠯ ᠴᠡᠭᠴᠡᠯᠡᠯᠲᠡ ᠬᠢᠭᠰᠡᠨ ᠠᠴᠠ ᠨᠠᠰᠢ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ | ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠬᠦᠴᠦᠨ ᠢᠯᠡᠷᠭᠡᠢ ᠲᠡᠭᠡᠭᠰᠢᠯᠡᠭᠰᠡᠨ ᠨᠢ | ᠬᠠᠷᠠᠭᠳᠠᠨ᠎ᠠ᠃ ᠡᠨᠡ ᠵᠢᠯ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠠᠢ | ᠤᠶᠠᠯᠳᠤᠭᠤᠯᠵᠤ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠤᠳ ᠨᠢ ᠠᠵᠤ | ᠠᠬᠤᠶᠢᠯᠠᠯ ᠳᠤ ᠭᠦᠨᠵᠡᠭᠡᠶᠢᠷᠡᠨ ᠶᠡᠭᠡ ᠬᠡᠮᠵᠢᠶᠡᠨ ᠤ ᠠᠵᠢᠯ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ | ᠵᠠᠩᠭᠢᠯᠠᠭ᠎ᠠ ᠶᠢᠨ ᠦᠢᠯᠡᠳᠦᠯ ᠦᠵᠡᠭᠦᠯᠪᠡ︾᠃ | ᠬᠤᠩ ᠵᠢᠩ ᠶᠤᠸᠠᠨ ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠬᠡᠯᠲᠡᠰ ᠤᠨ ᠳᠠᠭᠠᠭᠠᠮᠠᠯ ᠬᠤ᠋ ᠯᠢᠶᠠᠩ᠄ ︽ᠠᠵᠤ ᠠᠬᠤᠶᠢᠯᠠᠯ ᠤᠨ ᠡᠵᠡᠩᠨᠡᠯᠲᠡ ᠶᠢᠨ ᠶᠠᠪᠤᠴᠠ ᠳᠤ | ᠵᠠᠷᠢᠮ ᠵᠢᠭᠤᠷᠠᠯᠳᠤᠭᠠᠨ ᠳᠤ ᠤᠴᠠᠷᠠᠬᠤ ᠨᠢ ᠵᠠᠶᠢᠯᠠᠰᠢ ᠦᠭᠡᠢ ᠶᠤᠮ᠂ ᠲᠠᠶᠢᠹᠤᠰᠧ ᠬᠤᠰᠢᠭᠤᠨ ᠤ ᠰᠢᠭᠦᠬᠦ ᠬᠤᠷᠢᠶ᠎ᠠ | ᠨᠢ ᠰᠠᠭᠠᠳ ᠦᠭᠡᠢ ᠵᠠᠮ ᠢ ᠨᠠᠪᠲᠠᠷᠡᠭᠦᠯᠵᠦ᠂ ᠵᠦᠷᠢᠴᠡᠯ ᠵᠢᠭᠤᠷᠠᠭᠠᠨ ᠢ ᠴᠠᠭ ᠲᠤᠬᠠᠢ ᠳᠤᠨᠢ ᠡᠶᠡᠳᠡᠬᠦᠯᠦᠭᠰᠡᠨ ᠢᠶᠠᠷ | ᠮᠠᠨ ᠤ ᠠᠵᠤ ᠠᠬᠤᠶᠢᠯᠠᠯ ᠤᠨ ᠡᠵᠡᠩᠨᠡᠯᠲᠡ ᠨᠦᠯᠦᠭᠡᠯᠡᠭᠳᠡᠬᠦ ᠦᠭᠡᠢ ᠪᠣᠯᠵᠠᠢ᠃ ᠲᠣᠮᠢᠯᠠᠭᠰᠠᠨ ᠰᠠᠯᠪᠤᠷᠢ ᠶᠢᠨ | ᠴᠠᠭᠳᠠᠭ᠎ᠠ ᠨᠠᠷ ᠴᠤ ᠠᠵᠤ ᠠᠬᠤᠶᠢᠯᠠᠯ ᠳᠤ ᠪᠠᠶᠢᠩᠭᠤ ᠬᠦᠨᠵᠡᠬᠡᠶᠢᠷᠡᠨ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ᠂ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠤᠳ ᠢ ᠬᠢᠵᠦ᠂ ᠠᠵᠤ | ᠠᠬᠤᠶᠢᠯᠠᠯ ᠤᠨ ᠡᠵᠡᠩᠨᠡᠯᠲᠡ ᠬᠥᠭᠵᠢᠯᠲᠡ ᠳᠤ ᠴᠢᠨᠠᠷ ᠰᠠᠶᠢᠲᠠᠢ ᠤᠯᠤᠰ ᠲᠥᠷᠥ ᠬᠠᠤᠯᠢ ᠴᠠᠭᠠᠵᠠ ᠶᠢᠨ ᠣᠷᠴᠢᠨ | ᠨᠥᠬᠦᠴᠡᠯ ᠢ ᠬᠠᠩᠭᠠᠭᠰᠠᠨ ᠪᠠᠶᠢᠨ᠎ᠠ︾᠃ | ᠱᠠᠨᠰᠢ ᠶᠢᠨ ᠪᠸᠢ ᠶᠤᠸᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠨᠢᠦ ᠲᠦᠩ ᠴᠢᠩ | ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢ | ᠭᠦᠨᠵᠡᠭᠡᠢ ᠠᠬᠢᠭᠤᠯᠬᠤ ᠶᠠᠪᠤᠴᠠ ᠳᠤ᠂ ᠮᠠᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠦᠢᠯᠡᠳᠦᠯ ᠴᠢᠳᠠᠮᠵᠢ | ᠪᠠᠨ ᠭᠦᠢᠴᠡᠳ ᠪᠠᠳᠠᠷᠠᠭᠤᠯᠵᠤ᠂ ᠬᠠᠤᠯᠢᠴᠢ ᠶᠢ ᠵᠣᠬᠢᠶᠠᠨ ᠪᠠᠶᠢᠭᠤᠯᠵᠤ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠳᠤ ᠬᠠᠤᠯᠢ ᠴᠠᠭᠠᠵᠠ ᠶᠢᠨ ᠤᠬᠠᠭᠤᠯᠭ᠎ᠠ ᠬᠦᠮᠦᠵᠢᠯ ᠢ ᠦᠷᠨᠢᠬᠦᠯᠦᠨ᠂ ᠠᠵᠤ ᠠᠬᠤᠶᠢᠯᠠᠯ ᠤᠨ | ᠬᠠᠤᠯᠢ ᠶᠢ ᠰᠤᠷᠤᠯᠴᠠᠵᠤ ᠬᠠᠤᠯᠢ ᠶᠢ ᠮᠡᠳᠡᠵᠦ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠬᠠᠤᠯᠢᠵᠢᠯ ᠤᠨ ᠠᠭᠤᠷ | ᠠᠮᠢᠰᠬᠤᠯ ᠢ ᠪᠤᠢ ᠪᠤᠯᠭᠠᠭᠰᠠᠨ ᠪᠦᠭᠡᠳ ᠬᠠᠤᠯᠢᠴᠢ ᠨᠠᠷ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ | ᠬᠠᠤᠯᠢ ᠶᠢᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ | ᠪᠦᠬᠦ ᠲᠠᠯ᠎ᠠ ᠶᠢᠨ ᠬᠠᠤᠯᠢ ᠶᠢᠨ ᠦᠢᠯᠡᠴᠢᠯᠡᠭᠡ ᠬᠠᠩᠭᠠᠵᠤ ᠢᠷᠡᠪᠡ᠃ ᠡᠭᠦᠨ ᠤ ᠬᠠᠮᠲᠤ ᠠᠵᠤ ᠠᠬᠤᠶᠢᠯᠠᠯ ᠳᠤ | ᠭᠦᠨᠵᠡᠭᠡᠶᠢᠷᠡᠨ ︽ᠬᠠᠤᠯᠢᠵᠢᠯ ᠤᠨ ᠪᠡᠶ᠎ᠡ ᠶᠢᠨ ᠪᠠᠶᠢᠴᠠᠭᠠᠯᠲᠠ︾ ᠥᠷᠨᠢᠭᠦᠯᠵᠦ᠂ ᠠᠵᠤ ᠠᠬᠤᠶᠢᠯᠠᠯ ᠤᠨ ︽ | ᠶᠠᠭᠠᠷᠠᠵᠤ ᠵᠤᠪᠠᠵᠤ ᠬᠦᠴᠢᠷᠳᠡᠵᠦ ᠬᠦᠰᠡᠵᠦ︾ ᠪᠠᠶᠢᠭ᠎ᠠ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠂ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠳᠦᠷᠢᠮ ᠤᠨ ᠣᠶᠢᠯᠠᠭᠠᠭᠳᠠᠬᠤᠨ ᠪᠠ ᠬᠠᠤᠯᠢ ᠳᠦᠷᠢᠮ ᠤᠨ | ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠬᠠᠤᠯᠢ ᠪᠠᠷ ᠬᠠᠮᠢᠶᠠᠷᠴᠤ ᠬᠠᠤᠯᠢ ᠪᠠᠷ ᠡᠵᠡᠩᠨᠡᠵᠦ ᠬᠠᠤᠯᠢ ᠪᠠᠷ ᠡᠷᠬᠡ ᠪᠠᠨ ᠬᠠᠮᠠᠭᠠᠯᠠᠬᠤ ᠶᠢ ᠠᠬᠢᠭᠤᠯᠤᠨ᠂ ᠬᠦᠴᠢᠷ | ᠵᠣᠪᠠᠭᠤᠷᠢ ᠶᠢ ᠨᠢ ᠰᠢᠢᠳᠪᠦᠷᠢᠯᠡᠵᠦ ᠦᠭᠬᠦᠭᠰᠡᠨ ᠪᠠᠶᠢᠨ᠎ᠠ︾᠃ | ᠶᠡᠭᠡ ᠶᠠᠷᠢᠯᠴᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠲᠠᠶᠢᠹᠤᠰᠧ ᠬᠤᠰᠢᠭᠤᠨ ᠤ ᠤᠯᠤᠰ | ᠲᠥᠷᠥ ᠬᠠᠤᠯᠢ ᠴᠠᠭᠠᠵᠠ ᠶᠢᠨ ᠡᠯ᠎ᠡ ᠪᠠᠶᠢᠭᠤᠯᠭ᠎ᠠ ᠨᠢ ᠠᠵᠤ ᠠᠬᠤᠶᠢᠯᠠᠯ ᠳᠤ ᠬᠤᠯᠪᠣᠭᠳᠠᠭᠰᠠᠨ ᠶᠠᠷᠢᠯᠴᠠᠬᠤ ᠬᠤᠷᠠᠯ ᠢ | 6 ᠤᠳᠠᠭ᠎ᠠ ᠬᠢᠵᠦ ᠂ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠢ 1 ᠤᠳᠠᠭ᠎ᠠ ᠬᠤᠷᠠᠯᠳᠤᠭᠤᠯᠤᠨ᠂ ᠠᠵᠤ | ᠠᠬᠤᠶᠢᠯᠠᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠤᠬᠠᠭᠤᠯᠭ᠎ᠠ ᠶᠢ 41 ᠤᠳᠠᠭ᠎ᠠ ᠥᠷᠨᠢᠭᠦᠯᠵᠦ᠂ ᠬᠠᠤᠯᠢ | ᠴᠠᠭᠠᠵᠠ ᠶᠢᠨ ᠪᠣᠯᠪᠠᠰᠤᠷᠠᠯ ᠢ 5 ᠤᠳᠠᠭ᠎ᠠ ᠡᠷᠬᠢᠯᠡᠨ᠂ ᠠᠵᠤ ᠠᠬᠤᠶᠢᠯᠠᠯ ᠳᠤ ᠬᠤᠯᠪᠣᠭᠳᠠᠭᠰᠠᠨ ᠵᠥᠷᠢᠴᠡᠯ | ᠵᠢᠭᠤᠷᠠᠭᠠᠨ ᠢ 14 ᠤᠳᠠᠭ᠎ᠠ ᠪᠠᠶᠢᠴᠠᠭᠠᠵᠤ᠂ 8 ᠬᠡᠷᠡᠭ ᠢ ᠰᠢᠢᠳᠪᠦᠷᠢᠯᠡᠭᠰᠡᠨ ᠪᠠᠶᠢᠨ᠎ᠠ᠃ |