ᠠᠷᠠᠳ ᠤᠨ ᠲᠤᠮᠳᠠᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︱  ᠲᠠᠶᠢᠹᠤᠰᠧ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠬᠤᠯᠪᠣᠭᠠᠨ ᠤ ᠬᠠᠶᠢᠷ᠎ᠠ ᠬᠠᠯᠠᠮᠵᠢ ᠶᠢᠨ ᠨᠡᠶᠢᠭᠡᠮᠯᠢᠭ
ᠨᠡᠶᠢᠲᠡᠯᠡᠭᠰᠡᠨ ᠴᠠᠭ᠄
2022/3/31
ᠲᠠᠶᠢᠹᠤᠰᠧ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠬᠤᠯᠪᠤᠭᠠᠨ ᠤ ᠬᠠᠶᠢᠷ᠎ᠠ ᠬᠠᠯᠠᠮᠵᠢ ᠶᠢᠨ ᠨᠡᠶᠢᠭᠡᠮᠯᠢᠭ ᠪᠣᠯ ᠲᠠᠶᠢᠹᠤᠰᠧ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ ᠪᠠᠭ᠋ᠠᠳᠠᠢ ᠬᠠᠯᠠᠭᠤᠨ  ᠰᠡᠳᠬᠢᠯᠳᠦ ᠬᠥᠮᠥᠰ ᠢᠶᠠᠷ ᠪᠦᠷᠢᠯᠳᠦᠭᠰᠡᠨ ᠠᠷᠠᠳ ᠤᠨ ᠲᠤᠮᠳᠠᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠤᠮ᠃ 2017 ᠣᠨ ᠤ 3 ᠰᠠᠷ᠎ᠠ ᠶᠢᠨ 25  ᠤ ᠡᠳᠦᠷ ᠪᠠᠶᠢᠭᠤᠯᠤᠭᠳᠠᠵᠤ᠂ ᠤᠳᠤ ᠪᠤᠯᠬᠤ ᠳᠤ 77 ᠭᠡᠰᠢᠭᠦᠨ ᠲᠠᠢ᠂ 2 ᠸᠢᠴᠠᠲ ᠴᠤᠭᠯᠠᠷᠠᠯ ᠲᠠᠢ ᠪᠣᠯᠵᠠᠢ᠃  ᠲᠤᠰ ᠨᠡᠶᠢᠭᠡᠮᠯᠢᠭ ᠨᠢ ᠪᠠᠶᠢᠭᠤᠯᠤᠭᠳᠠᠭᠰᠠᠨ ᠠᠴᠠ ᠨᠠᠰᠢᠬᠢ 5 ᠵᠢᠯ ᠤᠨ ᠲᠤᠷᠰᠢ᠂ ︽ ᠲᠤᠰᠠ ᠬᠦᠷᠭᠡᠬᠦ  ᠂ ᠨᠦᠬᠦᠷᠰᠡᠭ ᠪᠠᠶᠢᠬᠤ᠂  ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠲᠠᠪᠰᠢᠬᠤ  ︾  ᠪᠠᠷ ᠵᠣᠷᠢᠯᠲᠠ ᠪᠤᠯᠭᠠᠨ᠂  ᠬᠤᠪᠴᠠᠰᠤ ᠬᠤᠨᠠᠷ ᠬᠠᠨᠳᠢᠪᠯᠡᠬᠤ᠂  ᠠᠰᠠᠷᠠᠮᠵᠢ ᠶᠢᠨ ᠬᠦᠷᠢᠶᠡᠯᠡᠩ ᠳᠠᠬᠢ ᠨᠠᠰᠤᠳᠠᠶᠢᠴᠤᠳ ᠢ ᠬᠠᠯᠠᠮᠵᠢᠯᠠᠬᠤ᠂ ᠶᠠᠳᠠᠭᠤ ᠬᠦᠴᠢᠷᠳᠡᠯᠲᠡᠢ ᠡᠷᠦᠭᠡ ᠶᠢ ᠲᠣᠬᠤᠨᠢᠭᠤᠯᠬᠤ᠂ ᠰᠢᠯᠢᠳᠡᠭ ᠰᠤᠷᠤᠬᠴᠢ ᠶᠢ ᠲᠡᠳᠬᠦᠬᠦ᠂  ᠣᠷᠴᠢᠨ ᠲᠣᠭᠤᠷᠢᠨ  ᠢᠶᠠᠨ ᠬᠠᠶᠢᠷᠠᠯᠠᠨ ᠬᠠᠮᠠᠭᠠᠯᠠᠬᠤ  ᠂  ᠰᠢᠯᠭᠠᠭᠤᠯᠬᠤ ᠰᠤᠷᠤᠭᠴᠢᠳ ᠲᠤ ᠬᠠᠯᠠᠮᠵᠢ ᠬᠦᠷᠳᠡᠭᠡᠬᠦ  ᠂ ᠭᠠᠮᠰᠢᠭᠳᠠᠭᠰᠠᠨ ᠠᠷᠠᠳ ᠢ ᠬᠠᠯᠠᠮᠵᠢᠯᠠᠨ ᠲᠤᠬᠤᠨᠢᠭᠤᠯᠬᠤ ᠵᠢᠴᠢ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ  ᠥᠷᠨᠢᠭᠦᠯᠦᠭᠰᠡᠭᠡᠷ ᠢᠷᠡᠵᠦ᠂ ᠤᠳᠤ ᠪᠣᠯᠲᠠᠯ᠎ᠠ ᠵᠠᠭᠤ ᠭᠠᠷᠤᠢ ᠤᠳᠠᠭ᠎ᠠ ᠵᠣᠬᠢᠶᠠᠨ ᠪᠠᠶᠢᠭᠤᠯᠵᠤ ᠶᠠᠪᠤᠭᠳᠠᠭᠤᠯᠤᠭᠰᠠᠨ ᠪᠠᠶᠢᠨ᠎ᠠ᠃  ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠠᠶᠢᠯᠠᠯᠳᠤᠭᠠᠨ ᠤ ᠲᠤᠮᠳᠠ᠂ ᠨᠡᠶᠢᠭᠡᠮᠯᠢᠭ ᠨᠢ ᠢᠳᠡᠪᠬᠢᠲᠡᠢ ᠪᠠᠷ ᠵᠣᠭᠤᠰ ᠮᠦᠩᠬᠦ ᠪᠠ ᠡᠳ᠋ ᠪᠣᠳᠠᠰ ᠬᠠᠨᠳᠢᠪᠯᠠᠬᠤ ᠶᠢᠨ ᠬᠠᠮᠳᠤ᠂ ᠬᠢᠵᠢᠭ ᠰᠡᠷᠭᠡᠶᠢᠯᠡᠬᠦ ᠰᠠᠶᠢᠨ ᠳᠤᠷ᠎ᠠ ᠶᠢᠨ ᠠᠵᠢᠯᠯᠠᠭᠴᠢ ᠪᠤᠯᠵᠠᠭᠠᠵᠤ᠂ ᠰᠡᠷᠭᠡᠶᠢᠯᠡᠨ ᠡᠵᠡᠮᠳᠡᠬᠦ ᠠᠵᠢᠯ ᠳᠤ ᠬᠦᠴᠦ ᠨᠡᠮᠡᠷᠢᠯᠡᠭᠡᠳ᠂  ᠠᠶᠢᠮᠠᠭ ᠤᠨ ᠡᠪᠯᠡᠯ ᠤᠨ ᠬᠤᠷᠢᠶ᠎ᠠ᠂ ᠠᠶᠢᠮᠠᠭ ᠤᠨ ᠵᠠᠯᠠᠭᠤ ᠰᠠᠶᠢᠨ ᠲᠤᠷᠠᠳᠠᠳ ᠤᠨ ᠨᠡᠶᠢᠭᠡᠮᠯᠢᠭ ᠠᠴᠠ ᠣᠯᠭᠤᠭᠰᠠᠨ  ︽ᠬᠢᠵᠢᠭ  ᠰᠡᠷᠭᠡᠶᠢᠯᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠰᠢᠯᠢᠳᠡᠭ ᠵᠣᠬᠢᠶᠠᠨ ᠪᠠᠶᠢᠭᠤᠯᠤᠯᠲᠠ︾ ᠶᠢᠨ ᠱᠠᠩᠨᠠᠯ ᠢ ᠬᠦᠷᠳᠡᠪᠡ᠃ ᠲᠠᠶᠢᠹᠤᠰᠧ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠬᠤᠯᠪᠤᠭᠠᠨ ᠤ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠡᠶᠢᠨ ᠬᠦ᠋  ᠦᠨᠡᠨ ᠪᠤᠳᠠᠳᠠᠢ ᠪᠤᠶᠠᠨᠰᠠᠭ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠥᠰ ᠢᠶᠠᠨ ᠳᠤᠯᠠᠭᠠᠴᠠᠭᠤᠯᠵᠤ᠂  ᠬᠠᠯᠠᠮᠵᠢ ᠬᠠᠶᠢᠷ᠎ᠠ ᠪᠠᠷ ᠢᠶᠠᠨ ᠨᠡᠶᠢᠭᠡᠮ ᠤᠨ ᠵᠦᠪ ᠡᠨᠧᠷᠬᠢ ᠶᠢ ᠲᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠦᠨᠡᠯᠡᠯᠲᠡ ᠶᠢ ᠣᠯᠵᠤ᠂  ᠲᠠᠶᠢᠹᠤᠰᠧ  ᠬᠤᠰᠢᠭᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠭ ᠲᠡᠮᠳᠡᠭ ᠨᠢ ᠪᠤᠯᠵᠤ ᠶᠠᠪᠤᠨᠠᠮ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号