ᠶᠠᠩ ᠬᠠᠢ ᠲᠤᠤ ᠪᠤᠯ ᠰᠢᠯᠢ ᠶᠢᠨ ᠭᠤᠣᠯ ᠴᠠᠬᠢᠯᠭᠠᠨ ᠦᠢᠯᠡᠰ ᠤᠨ ᠲᠤᠪᠴᠢᠶᠠᠨ ᠤ ᠲᠠᠶᠢᠹᠤᠰᠧ ᠴᠠᠬᠢᠯᠭᠠᠨ | ᠬᠠᠩᠭᠠᠬᠤ ᠬᠤᠪᠢᠶᠠᠷᠢ ᠲᠤᠪᠴᠢᠶᠠᠨ ᠤ ᠠᠵᠢᠯᠴᠢᠨ ᠪᠢᠯᠡ᠃ 1999 ᠣᠨ ᠳᠤ ᠴᠡᠷᠢᠭ ᠤᠨ ᠠᠯᠪᠠ ᠠᠴᠠ ᠪᠠᠨ | ᠬᠠᠯᠠᠭᠳᠠᠭᠰᠠᠨ ᠤ ᠲᠠᠷᠠᠭ᠎ᠠ ᠬᠠᠯᠠᠭᠤᠨ ᠰᠡᠳᠬᠢᠯᠭᠡ ᠪᠠᠷ ᠨᠤᠲᠤᠭ ᠲᠠᠭᠠᠨ ᠬᠠᠷᠢᠵᠤ᠂ ᠲᠠᠶᠢᠹᠤᠰᠧ ᠴᠠᠬᠢᠯᠭᠠᠨ | ᠬᠠᠩᠭᠠᠬᠤ ᠲᠣᠪᠴᠢᠶ᠎ᠠ ᠳᠤ ᠠᠵᠢᠯᠯᠠᠭᠠᠳ᠂ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠤᠷᠤᠯᠴᠠᠭᠰᠠᠨ ᠪᠠᠶᠢᠨ᠎ᠠ᠃ 2005 ᠣᠨ ᠳᠤ ᠶᠠᠩ ᠬᠠᠢ ᠲᠤᠤ ᠡᠪᠡᠳᠴᠢᠯᠡᠭᠡᠳ ᠡᠮᠨᠡᠯᠭᠡ ᠳᠤ ᠰᠠᠭᠤᠬᠤ | ᠬᠤᠭᠤᠴᠠᠭᠠᠨ ᠳᠠᠭᠠᠨ ᠠᠮᠢᠳᠤᠷᠠᠯ ᠨᠢ ᠬᠦᠴᠢᠷᠲᠡᠢ ᠨᠢᠭᠡᠨ ᠨᠠᠰᠤᠲᠠᠨ ᠯᠤᠭ᠎ᠠ ᠲᠠᠭᠠᠷᠠᠯᠳᠤᠵᠠᠢ᠃ ᠨᠠᠰᠤᠲᠠᠨ ᠲᠡᠷᠭᠡᠨ | ᠠᠳᠡᠯ ᠠᠴᠠ ᠪᠣᠯᠵᠤ ᠰᠢᠷᠬᠠᠲᠤᠭᠠᠳ ᠡᠮᠨᠡᠯᠭᠡ ᠳᠤ ᠰᠠᠭᠤᠭᠰᠠᠨ ᠪᠠᠶᠢᠪᠠ᠃ ᠨᠠᠰᠤᠳᠠᠨ ᠤ ᠡᠭᠡᠴᠢ ᠨᠢ ᠲᠠᠯ᠎ᠠ ᠶᠢᠨ | ᠲᠠᠪᠠᠭ᠎ᠠ ᠶᠢ ᠲᠠᠪᠠᠭᠰᠠᠨ ᠪᠤᠯᠪᠠᠴᠤ ᠲᠡᠬᠦᠦ ᠳᠡᠭᠡᠨ ᠡᠮᠨᠡᠯᠭᠡ ᠶᠢᠨ ᠵᠠᠷᠤᠳᠠᠯ ᠴᠤᠭᠯᠠᠭᠤᠯᠵᠤ ᠥᠭᠬᠦ ᠶᠢᠨ ᠲᠥᠯᠥᠭᠡ | ᠢᠳᠡᠵᠦ ᠡᠮᠦᠰᠬᠦ ᠪᠠᠨ ᠠᠷᠪᠢᠯᠠᠨ᠂ ᠨᠢᠭᠡ ᠡᠷᠡᠨ ᠤ ᠬᠤᠭᠤᠯᠠᠨ ᠳᠠᠭᠠᠨ ᠭᠠᠭᠴᠠᠬᠠᠨ ᠮᠠᠨᠲᠠᠤ ᠢᠳᠡᠭᠡᠳ ᠦᠯ | ᠵᠠᠯᠭᠠᠵᠤ ᠪᠠᠶᠢᠵᠠᠢ᠃ ᠬᠤᠶᠠᠷ ᠨᠠᠰᠤᠲᠠᠨ ᠤ ᠬᠦᠴᠢᠷᠳᠡᠢ ᠪᠠᠶᠢᠳᠠᠯ ᠢ ᠬᠠᠷᠠᠭᠠᠳ ᠦᠷᠦᠪᠴᠢᠬᠡᠨ ᠰᠡᠳᠬᠢᠯ ᠲᠠᠢ ᠶᠠᠩ | ᠬᠠᠢ ᠲᠤᠤ ᠡᠮᠨᠡᠯᠭᠡ ᠠᠴᠠ ᠭᠠᠷᠬᠤ ᠳᠠᠭᠠᠨ ᠨᠠᠩᠬᠢᠨ ᠳᠤ ᠪᠠᠶᠢᠭᠰᠠᠨ 300 ᠲᠥᠭᠦᠷᠢᠭ ᠢᠶᠠᠨ ᠦᠬᠡ ᠲᠠᠭᠤ ᠦᠬᠡᠢ | ᠬᠠᠨᠳᠢᠪᠯᠠᠭᠠᠳ ᠶᠠᠪᠤᠵᠠᠢ᠃ 2020 ᠣᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠡᠬᠢᠯᠡᠬᠦ ᠦᠶᠡᠰ᠂ ᠶᠠᠩ ᠬᠠᠢ ᠲᠤᠸ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠪᠠᠶᠢᠭᠤᠯᠭ᠎ᠠ ᠶᠢᠨ | ᠢᠶᠠᠨ ᠲᠠᠭᠠᠭᠠᠴᠢᠯᠠᠭᠰᠠᠨ ᠰᠠᠭᠤᠭᠠᠯᠢ ᠲᠣᠭᠤᠷᠢᠭ ᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯ ᠳᠤ | ᠬᠠᠮᠤᠭ ᠠᠴᠠ ᠤᠷᠢᠳᠠᠪᠠᠷ ᠨᠡᠷ᠎ᠡ ᠮᠡᠳᠡᠬᠦᠯᠦᠨ ᠤᠷᠤᠯᠴᠠᠪᠠ᠃ ᠲᠤᠭᠤᠷᠢᠭ ᠤᠨ ᠡᠬᠦᠳᠡ ᠶᠢ ᠵᠢᠵᠢᠭᠦᠷᠯᠡᠨ ᠰᠠᠬᠢᠬᠤ | ᠶᠠᠪᠤᠴᠠ ᠳᠠᠭᠠᠨ ᠶᠠᠩ ᠬᠠᠢ ᠲᠤᠤ ᠤᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠶᠢ ᠠᠰᠠᠭᠤᠨ ᠤᠶᠢᠯᠠᠭᠠᠵᠤ᠂ | ᠲᠡᠳᠡᠨ ᠢ ᠬᠠᠪᠰᠤᠷᠤᠨ ᠭᠤᠯᠢᠷ ᠪᠤᠳᠠᠭ᠎ᠠ᠂ ᠵᠢᠮᠢᠰ ᠨᠣᠭᠤᠭ᠎ᠠ᠂ ᠡᠮ ᠤᠨ ᠵᠦᠢᠯ ᠵᠡᠷᠭᠡ ᠪᠠᠴᠢᠮ ᠭᠡᠷᠡᠭᠰᠡᠬᠦ ᠡᠳ᠋ | ᠪᠤᠳᠠᠰ ᠢ ᠬᠤᠳᠠᠯᠳᠤᠨ ᠠᠪᠴᠤ ᠦᠭᠳᠡᠭ ᠪᠠᠶᠢᠪᠠ᠃ ᠶᠠᠩ ᠬᠠᠢ ᠲᠤᠤ ᠬᠠᠬᠢᠷ ᠬᠦᠢᠲᠡᠨ ᠬᠢᠭᠡᠳ ᠬᠠᠯᠳᠠᠪᠤᠷᠢ ᠶᠢᠨ | ᠠᠶᠤᠯ ᠢ ᠦᠯᠦ ᠬᠠᠶᠢᠬᠤᠷᠤᠨ᠂ ᠰᠠᠭᠤᠭᠠᠯᠢ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ | ᠡᠮᠦᠨ᠎ᠡ ᠹᠠᠷᠤᠨᠲ ᠶᠢ ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠣᠯᠣᠨ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠢᠭᠡᠨ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ | ᠶᠢᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ ᠃ 2021 ᠣᠨ ᠤ 8 ᠰᠠᠷ᠎ᠠ ᠶᠢᠨ 20 ᠤ ᠦᠳᠡ ᠶᠢᠨ | ᠬᠤᠶᠢᠨ᠎ᠠ᠂ ᠠᠵᠢᠯ ᠳᠠᠭᠠᠨ ᠭᠠᠷᠬᠤ ᠪᠠᠷ ᠶᠠᠪᠤᠵᠤ ᠪᠠᠶᠢᠭᠰᠠᠨ ᠶᠠᠩ ᠬᠠᠢ ᠲᠤᠸ ᠵᠠᠮ ᠤᠨ ᠬᠠᠵᠠᠭᠤ ᠠᠴᠠ ᠨᠢᠬᠡ | ᠬᠠᠷ᠎ᠠ ᠥᠩᠭᠡ ᠲᠠᠢ ᠭᠠᠷ ᠪᠣᠭᠴᠣ ᠣᠯᠵᠤ ᠠᠪᠴᠠᠢ᠃ ᠨᠡᠭᠡᠭᠡᠵᠦ ᠦᠵᠡᠪᠡᠯ᠂ ᠳᠣᠲᠣᠷ᠎ᠠ ᠨᠢ ᠲᠦᠮᠡ ᠭᠠᠷᠤᠢ | ᠲᠥᠭᠦᠷᠢᠭ ᠤᠨ ᠪᠡᠯᠡᠨ ᠵᠣᠭᠤᠰ ᠬᠢᠭᠡᠳ ᠪᠠᠩᠬᠢ ᠶᠢᠨ ᠺᠠᠷᠲ ᠵᠡᠷᠭᠡ ᠶᠠᠭᠤᠮ᠎ᠠ ᠪᠠᠶᠢᠪᠠ᠃ ᠡᠵᠡᠨ ᠲᠠᠢ ᠨᠢ | ᠬᠠᠷᠢᠯᠴᠠᠬᠤ ᠠᠷᠭ᠎ᠠ ᠪᠠᠶᠢᠬᠤ ᠦᠭᠡᠢ ᠪᠤᠯᠬᠤᠷ ᠶᠠᠩ ᠬᠠᠢ ᠲᠤᠤ ᠭᠠᠷ ᠪᠣᠭᠴᠣ ᠶᠢ ᠲᠡᠷᠡ ᠲᠠᠷᠤᠢ ᠳᠤᠨᠢ ᠲᠣᠮᠢᠯᠠᠭᠰᠠᠨ | ᠰᠠᠯᠪᠤᠷᠢ ᠳᠤ ᠬᠦᠷᠭᠡᠭᠰᠡᠨ ᠪᠠᠶᠢᠯ᠎ᠠ᠃ ᠪᠤᠭᠴᠤᠨ ᠤ ᠡᠵᠡᠨ ᠲᠤᠶᠢᠯ ᠢᠶᠠᠷ ᠪᠠᠶᠠᠷᠯᠠᠵᠤ᠂ ︽ᠠᠯᠲᠠ ᠣᠯᠣᠭᠠᠳ | ᠠᠮᠢᠨ ᠳᠠᠭᠠᠨ ᠠᠪᠬᠤ ᠦᠭᠡᠢ ᠰᠠᠶᠢᠨ ᠵᠠᠯᠠᠭᠤ︾ ᠬᠡᠮᠡᠬᠦ ᠠᠯᠳᠠᠨ ᠦᠰᠦᠭ ᠲᠠᠢ ᠬᠡᠮᠡᠷᠯᠢᠭ ᠲᠤᠭ ᠢ ᠶᠠᠩ ᠬᠠᠢ | ᠲᠤᠤ ᠳᠤ ᠬᠦᠷᠭᠡᠵᠡᠢ᠃ | ᠴᠡᠷᠢᠭ ᠠᠴᠠ ᠬᠠᠯᠠᠭᠳᠠᠭᠴᠢ᠂ ᠡᠪ ᠬᠠᠮᠲᠤ ᠨᠠᠮ ᠤᠨ ᠭᠡᠰᠢᠭᠦᠨ᠂ ᠴᠠᠬᠢᠯᠭᠠᠨ ᠬᠦᠴᠦᠨ ᠤ ᠠᠵᠢᠯᠲᠠᠨ | ᠪᠣᠯᠤᠭᠰᠠᠨ ᠤ ᠬᠤᠪᠢ ᠳᠤ᠂ ᠬᠤᠷᠢᠭᠠᠳ ᠵᠢᠯ ᠤᠨ ᠲᠤᠷᠰᠢ ᠶᠠᠩ ᠬᠠᠢ ᠲᠤᠸ ᠡᠶᠢᠨ ᠬᠦ᠋ ᠥᠪᠡᠷ ᠤᠨ ᠬᠦᠰᠡᠯᠡᠩ | ᠢᠲᠡᠭᠡᠯ ᠪᠢᠰᠢᠷᠡᠯ ᠢᠶᠠᠨ ᠢᠮᠠᠭᠲᠠ ᠪᠠᠲᠤ ᠰᠠᠬᠢᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ | ᠳᠡᠭᠡᠳᠦᠯᠡᠵᠦ᠂ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠨ᠂ ᠡᠪ ᠬᠠᠮᠲᠤᠴᠤᠳ ᠤᠨ ᠤᠯᠤᠰ ᠲᠥᠷᠥ ᠶᠢᠨ | ᠤᠤᠷ ᠴᠢᠨᠠᠷ ᠢᠶᠠᠨ ᠬᠠᠳᠠᠭᠠᠯᠠᠭᠰᠠᠭᠠᠷ ᠢᠷᠡᠵᠡᠶ᠃ ︽ᠦᠨᠳᠦᠰᠦᠨ ᠱᠠᠲᠤᠨ ᠤ ᠴᠠᠬᠢᠯᠭᠠᠨ ᠬᠦᠴᠦᠨ ᠤ ᠠᠵᠢᠯᠲᠠᠨ᠂ | ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠥᠩᠭᠡᠷᠡᠭᠰᠡᠨ ᠲᠠᠢ ᠪᠠᠨ ᠠᠳᠠᠯᠢ ᠪᠠᠷ ᠲᠤᠬᠠᠶᠢᠯᠠᠭᠰᠠᠨ ᠠᠵᠢᠯ | ᠢᠶᠠᠨ ᠰᠠᠶᠢᠨ ᠬᠢᠬᠦ ᠶᠢᠨ ᠬᠠᠮᠲᠤ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ | ᠣᠷᠣᠯᠴᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠢᠮᠠᠭᠳᠠ ᠪᠠᠳᠠᠷᠠᠭᠤᠯᠤᠨ᠂ ᠠᠷᠠᠳ ᠲᠦᠮᠡᠨ ᠳᠤ ᠨᠠᠩ ᠣᠯᠠᠨ | ᠨᠠᠩ ᠰᠠᠶᠢᠨ ᠠᠰᠢ ᠲᠤᠰᠠ ᠲᠠᠢ ᠤᠴᠢᠷ ᠶᠠᠪᠤᠳᠠᠯ ᠢ ᠬᠢᠨ᠎ᠡ ︾ ᠬᠡᠵᠦ ᠶᠠᠩ ᠬᠠᠢ ᠲᠤᠸ ᠢᠳᠡᠭᠡᠯ ᠵᠤᠷᠢᠭ ᠢᠶᠠᠨ | ᠢᠯᠡᠷᠭᠡᠶᠢᠯᠡᠨ᠎ᠡ᠃ |