ᠲᠠᠶᠢᠹᠤᠰᠧ ᠬᠤᠰᠢᠭᠤᠨ ᠤ  ᠠᠷᠠᠳ ᠤᠨ ᠵᠠᠰᠠᠭ ᠤᠨ ᠤᠷᠳᠤᠨ ᠤ 2022 ᠤᠨ ᠤ ᠬᠠᠪᠤᠷ ᠤᠨ ᠤᠯᠠᠷᠢᠯ  ᠤᠨ ᠪᠡᠯᠴᠢᠭᠡᠷ ᠰᠡᠷᠬᠦᠬᠡᠵᠦ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2022/3/7
   ᠨᠢᠭᠡ᠂  ᠬᠦᠷᠢᠶ᠎ᠡ ᠬᠡᠪᠴᠢᠶ᠎ᠡ ᠪᠠ ᠴᠠᠭ ᠬᠤᠭᠤᠴᠠᠭ᠎ᠠ    ︵ᠨᠢᠭᠡ︶  ᠮᠠᠯᠵᠢᠬᠤ ᠣᠷᠣᠨ᠄  ᠬᠦᠨᠪᠤᠯᠠᠭ ᠰᠤᠮᠤᠨ ᠤ 19 ᠭᠠᠴᠠᠭᠠᠨ ᠤ ᠮᠠᠯ ᠪᠡᠯᠴᠢᠭᠡᠷ ᠤᠨ ᠲᠡᠩᠴᠡᠭᠦᠷᠢ  ᠶᠢ ᠪᠠᠳᠤᠯᠠᠬᠤ ᠣᠷᠣᠨ ᠳᠤ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠳᠦᠷᠢᠮ ᠢ ᠭᠡᠷᠡᠭᠵᠢᠬᠦᠯᠦᠨ᠎ᠡ᠂  ᠬᠤᠯᠪᠤᠭᠳᠠᠬᠤ ᠨᠤᠳᠤᠭ ᠪᠡᠯᠴᠢᠭᠡᠷ ᠤᠨ ᠲᠠᠯᠠᠪᠠᠶ 108.63 ᠲᠦᠮᠡᠨ ᠮᠦ ᠃  ᠪᠡᠯᠴᠢᠭᠡᠷ ᠰᠡᠷᠬᠦᠬᠡᠬᠦ ᠴᠠᠭ ᠨᠢ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 25 ᠤ ᠡᠳᠦᠷ ᠪᠣᠯᠲᠠᠯ᠎ᠠ 45 ᠡᠳᠦᠷ᠃    ︵ᠬᠤᠶᠠᠷ︶  ᠲᠠᠷᠢᠶᠠᠯᠠᠬᠤ ᠣᠷᠣᠨ  ᠄  ᠪᠤᠤᠴᠠᠩ ᠪᠠᠯᠭᠠᠰᠤ᠂ ᠶᠦᠩ ᠹᠧᠩ ᠪᠠᠯᠭᠠᠰᠤ᠂ ᠴᠢᠶᠠᠨ ᠶᠢᠨ ᠭᠧᠦ ᠪᠠᠯᠭᠠᠰᠤ᠂ ᠯᠥᠸᠧ ᠲᠦᠸᠧ ᠱᠠᠨ ᠪᠠᠯᠭᠠᠰᠤ᠂  ᠬᠤᠩ ᠴᠢ ᠪᠠᠯᠭᠠᠰᠤ᠂ ᠰᠢᠩ ᠹᠦ᠋ ᠰᠢᠶᠠᠩ  ᠵᠡᠷᠭᠡ 6 ᠰᠢᠶᠠᠩ ᠪᠠᠯᠭᠠᠰᠤᠨ ᠤ ᠮᠣᠷᠢ᠂ ᠬᠤᠨᠢ᠂ ᠡᠯᠵᠢᠭᠡ᠂ ᠯᠠᠭᠤᠰᠠ᠂ ᠲᠡᠮᠡᠭᠡ ᠶᠢ ᠪᠥᠬᠦ ᠵᠢᠯ ᠢᠶᠠᠷ ᠬᠠᠰᠢᠶᠠᠯᠠᠨ ᠮᠠᠯᠵᠢᠵᠤ᠂ ᠦᠬᠡᠷ ᠢ ᠤᠯᠠᠷᠢᠯ ᠤᠨ ᠴᠢᠨᠠᠷᠲᠠᠢ ᠬᠠᠰᠢᠶᠠᠯᠠᠨ ᠮᠠᠯᠵᠢᠨ᠎ᠠ᠃ ᠤᠯᠠᠷᠢᠯ ᠤᠨ ᠴᠢᠨᠠᠷᠲᠠᠢ ᠬᠠᠰᠢᠶᠠᠯᠠᠨ ᠮᠠᠯᠵᠢᠬᠤ ᠴᠠᠭ ᠨᠢ 4 ᠰᠠᠷ᠎ᠠ ᠶᠢᠨ 10 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ 50 ᠡᠳᠦᠷ᠃   ᠬᠤᠶᠠᠷ᠂ ᠨᠥᠬᠦᠪᠦᠷᠢ ᠤᠯᠭᠤᠬᠤ ᠠᠷᠭ᠎ᠠ ᠲᠦᠷᠢᠮ    ︵ᠨᠢᠭᠡ︶ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ ᠤᠨ ᠦᠷ᠎ᠡ ᠪᠦᠲᠦᠮᠵᠢ ᠶᠢ ᠪᠠᠲᠤᠯᠠᠵᠤ᠂  ᠮᠠᠯᠴᠢᠨ ᠡᠷᠥᠭᠡ ᠶᠢᠨ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠬᠦ ᠦᠭᠡᠢ ᠪᠠᠶᠢᠯᠭᠠᠬᠤ ᠶᠢᠨ ᠲᠤᠰᠠᠳᠠ᠂    ᠬᠦᠨᠪᠤᠯᠠᠭ ᠰᠤᠮᠤᠨ ᠤ  ᠪᠡᠯᠴᠢᠭᠡᠷ ᠰᠡᠷᠬᠦᠭᠡᠬᠦ ᠡᠷᠦᠬᠡ ᠳᠤ ᠬᠤᠯᠪᠤᠭᠳᠠᠬᠤ ᠨᠤᠳᠤᠭ ᠪᠡᠯᠴᠢᠭᠡᠷ ᠤᠨ ᠲᠠᠯᠠᠪᠠᠢ ᠪᠠᠷ ᠨᠢ ᠵᠤᠬᠢᠬᠤ ᠨᠦᠬᠦᠪᠦᠷᠢ ᠤᠯᠭᠤᠨ᠎ᠠ  ᠂ ᠪᠠᠷᠢᠮᠵᠢᠶ᠎ᠠ ᠨᠢ ᠮᠤ᠋ ᠪᠦᠷᠢ ᠶᠢᠨ 1.125 ᠲᠥᠭᠦᠷᠢᠭ᠃ ᠲᠠᠷᠢᠶᠠᠯᠠᠬᠤ ᠣᠷᠣᠨ  ᠳᠤ ᠨᠥᠬᠦᠪᠦᠷᠢ ᠤᠯᠭᠤᠬᠤ ᠦᠭᠡᠢ᠃    ︵ᠬᠤᠶᠠᠷ︶ ᠪᠡᠯᠴᠢᠭᠡᠷ ᠰᠡᠷᠭᠦᠭᠡᠬᠦ ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠪᠡᠯᠴᠢᠭᠡᠷ ᠰᠡᠷᠭᠦᠭᠡᠬᠦ ᠠᠵᠢᠯ ᠤᠨ ᠤᠳᠤᠷᠢᠳᠬᠤ ᠳᠤᠭᠤᠶᠢᠯᠠᠩ   ᠠᠴᠠ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠨᠤᠳᠤᠭ ᠪᠡᠯᠴᠢᠭᠡᠷ᠂ ᠡᠳ᠋ ᠤᠨ ᠵᠠᠰᠠᠭ ᠤᠨ ᠰᠠᠯᠠᠭ᠎ᠠ ᠮᠦᠴᠢᠷ ᠪᠤᠯᠤᠨ ᠬᠦᠨᠪᠤᠯᠠᠭ ᠰᠤᠮᠤᠨ ᠤ ᠬᠢᠨ ᠢ ᠵᠣᠬᠢᠶᠠᠨ ᠪᠠᠶᠢᠭᠤᠯᠵᠤ ᠪᠡᠯᠴᠢᠭᠡᠷ ᠰᠡᠷᠭᠦᠭᠡᠬᠦ ᠠᠵᠢᠯ ᠳᠤ ᠰᠢᠯᠭᠠᠨ ᠪᠠᠶᠢᠴᠠᠭᠠᠯᠳᠠ ᠬᠢᠨ᠎ᠡ᠃ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ᠂ ᠭᠠᠴᠠᠭ᠎ᠠ ᠪᠠᠷ  ᠨᠢᠭᠡᠴᠢᠯᠡᠨ ᠰᠤᠮᠤᠨ ᠳᠤ ᠮᠡᠳᠡᠭᠦᠯᠵᠦ᠂  ᠰᠤᠮᠤᠨ ᠠᠴᠠ ᠬᠢᠨᠠᠨ ᠬᠠᠷᠭᠤᠭᠤᠯᠵᠤ ᠢᠯᠡ ᠨᠡᠶᠢᠲᠡᠯᠡᠨ᠎ᠡ᠂  ᠨᠡᠶᠢᠲᠡᠯᠡᠬᠦ ᠬᠤᠭᠤᠴᠠᠭ᠎ᠠ ᠨᠢ 5 ᠡᠳᠦᠷ᠂  ᠨᠡᠶᠢᠳᠡᠯᠡᠭᠡᠳ ᠰᠠᠨᠠᠯ ᠦᠭᠡᠢ ᠪᠣᠯ ᠬᠤᠰᠢᠭᠤᠨ ᠤ ᠣᠶ ᠰᠢᠭᠤᠢ  ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠲᠤ ᠮᠡᠳᠡᠭᠦᠯᠵᠦ᠂  ᠣᠶ ᠰᠢᠭᠤᠢ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ  ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠬᠦᠯᠦᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠦᠬᠦᠪᠦᠷᠢ ᠮᠦᠩᠬᠦ ᠶᠢ ᠮᠠᠯᠴᠢᠨ ᠡᠷᠦᠬᠡ ᠶᠢᠨ ᠺᠠᠷᠲ ᠳᠤ ᠤᠷᠤᠭᠤᠯᠤᠨ᠎ᠠ᠃      ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ    ︵ᠨᠢᠭᠡ︶ ᠮᠠᠯᠴᠢᠨ ᠲᠠᠷᠢᠶᠠᠴᠢᠨ ᠬᠦᠮᠦᠨ ᠨᠢᠬᠡᠪᠦᠷᠢ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠵᠦ᠂  ᠪᠡᠯᠴᠢᠭᠡᠷ ᠰᠡᠷᠬᠦᠬᠡᠬᠦ ᠪᠠ  ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠢᠳᠡᠪᠬᠢᠲᠡᠢ ᠬᠠᠮᠵᠢᠯᠴᠠᠨ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠢᠨᠠᠯᠲᠠ ᠪᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠰᠤᠮᠤ ᠰᠢᠶᠠᠩ ᠪᠠᠯᠭᠠᠰᠤ ᠨᠢ ᠭᠠᠴᠠᠭ᠎ᠠ ᠲᠣᠰᠬᠤᠨ ᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂  ᠭᠠᠳᠠᠨ᠎ᠠ ᠶᠢᠨ ᠮᠠᠯ ᠤᠨᠤᠭ᠎ᠠ ᠶᠢ ᠲᠣᠰ ᠭᠠᠴᠠᠭ᠎ᠠ ᠲᠣᠰᠬᠤᠨ ᠤ ᠨᠤᠳᠤᠭ ᠪᠡᠯᠴᠢᠭᠡᠷ ᠲᠡᠭᠡᠷ᠎ᠡ  ᠪᠡᠯᠴᠢᠭᠡᠷᠯᠡᠬᠦᠯᠦᠨ ᠮᠠᠯᠵᠢᠬᠤ ᠶᠢ ᠡᠷᠡᠰ ᠬᠤᠷᠢᠭᠯᠠᠬᠤ ᠭᠡᠷᠡᠭᠳᠡᠢ᠃     ︵ᠬᠤᠶᠠᠷ︶ ᠬᠦᠨᠪᠤᠯᠠᠭ ᠰᠤᠮᠤᠨ ᠤ ᠮᠠᠯᠴᠢᠨ ᠡᠷᠦᠬᠡ ᠨᠢ ᠰᠠᠭᠤᠷᠢ ᠲᠦᠬᠦᠭᠡᠷᠦᠮᠵᠢ ᠪᠠᠷ ᠭᠤᠣᠯ ᠪᠤᠯᠭᠠᠨ᠂ ᠬᠢᠨᠠᠨ ᠲᠣᠭᠲᠠᠭᠠᠭᠰᠠᠨ ᠪᠡᠯᠴᠢᠭᠡᠷ ᠤᠨ ᠲᠠᠭᠠᠭᠠᠴᠠ ᠪᠠᠷ ᠰᠠᠭᠤᠷᠢ  ᠪᠤᠯᠭᠠᠵᠤ᠂ ᠬᠠᠪᠤᠷ ᠤᠨ ᠤᠯᠠᠷᠢᠯ ᠤᠨ  ᠪᠡᠯᠴᠢᠭᠡᠷ  ᠰᠡᠷᠬᠦᠬᠡᠬᠦ ᠬᠤᠭᠤᠴᠠᠭᠠᠨ ᠳᠤ ᠮᠠᠯ ᠤᠨᠤᠭᠠᠨ ᠤ ᠬᠦᠳᠡᠯᠭᠡᠭᠡᠨ ᠬᠢᠬᠦ ᠲᠠᠯᠠᠪᠠᠢ ᠶᠢ ᠪᠡᠯᠡᠳᠬᠡᠨ᠎ᠡ᠂  ᠪᠠᠷᠢᠮᠵᠢᠶ᠎ᠠ   ᠨᠢ ᠨᠢᠬᠡ ᠬᠤᠨᠢᠨ ᠤ 20 ᠬᠠᠪᠳᠠᠭᠠᠢ ᠳᠥᠷᠪᠡᠯᠵᠢᠨ ᠮᠧᠲᠷ ᠠᠴᠠ ᠬᠡᠳᠦᠷᠡᠵᠦ ᠪᠤᠯᠬᠤ ᠦᠬᠡᠢ  ᠂ ᠨᠢᠭᠡ ᠦᠬᠡᠷ ᠢ 5 ᠬᠤᠨᠢ ᠪᠠᠷ ᠪᠤᠳᠤᠨ᠎ᠠ᠃ ᠲᠠᠷᠢᠶᠠᠯᠠᠬᠤ ᠣᠷᠣᠨ ᠤ ᠬᠢᠨ  ᠬᠦᠷᠢᠶ᠎ᠡ  ᠬᠠᠰᠢᠶᠠᠨ ᠤ ᠪᠠᠶᠢᠳᠠᠯ ᠢᠶᠠᠨ ᠦᠨᠳᠦᠰᠦᠯᠡᠵᠦ ᠬᠦᠳᠡᠯᠭᠡᠭᠡᠨ ᠤ ᠲᠠᠯᠠᠪᠠᠢ ᠶᠢ ᠪᠡᠯᠡᠳᠬᠡᠨ᠎ᠡ᠃      ︵ᠭᠤᠷᠪᠠ︶ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ ᠭᠡᠷᠡᠭᠵᠢᠬᠦᠯᠵᠦ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ   ᠠᠴᠠ  ᠵᠦᠷᠢᠴᠡᠵᠦ  ᠪᠡᠯᠴᠢᠭᠡᠷᠯᠡᠭᠦᠯᠦᠨ ᠮᠠᠯᠵᠢᠭᠰᠠᠨ ᠦᠶᠯᠡ ᠠᠵᠢᠯᠯᠠᠭ᠎ᠠ  ᠢᠯᠡᠷᠡᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠤᠨ ᠭᠤᠴᠢᠨ ᠲᠠᠪᠤᠳᠤᠭᠠᠷ ᠵᠤᠷᠪᠤᠰ ᠢ ᠦᠨᠳᠦᠰᠦᠯᠡᠨ᠂  ᠨᠢᠬᠡ  ᠬᠤᠨᠢᠨ ᠤ 120 ᠲᠥᠭᠦᠷᠢᠭ ᠤᠨ ᠪᠠᠷᠢᠮᠵᠢᠶ᠎ᠠ ᠪᠠᠷ ᠰᠢᠳᠭᠡᠨ ᠲᠤᠷᠭᠤᠨ᠎ᠠ᠃ ᠰᠤᠮᠤ ᠰᠢᠶᠠᠩ ᠪᠠᠯᠭᠠᠰᠤ ᠨᠢ ᠣᠶ ᠰᠢᠭᠤᠢ ᠨᠤᠳᠤᠭ ᠪᠡᠯᠴᠢᠭᠡᠷ ᠬᠠᠮᠠᠭᠠᠯᠠᠬᠤ ᠲᠤᠰᠬᠠᠢ ᠠᠵᠢᠯᠳᠠᠳ  ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠢᠯᠳᠠᠳ ᠢ  ᠵᠣᠬᠢᠶᠠᠨ ᠪᠠᠶᠢᠭᠤᠯᠵᠤ  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ  ᠨᠤᠳᠤᠭ ᠪᠡᠯᠴᠢᠭᠡᠷ ᠲᠤ ᠲᠣᠭᠲᠠᠮᠠᠯ ᠬᠤᠭᠤᠴᠠᠭ᠎ᠠ ᠲᠠᠢ ᠴᠠᠭᠳᠠᠨ ᠪᠠᠶᠢᠴᠠᠭᠠᠯᠳᠠ ᠬᠢᠵᠦ᠂   ᠬᠢᠨᠠᠯᠲᠠ ᠬᠠᠮᠢᠶᠠᠷᠤᠯᠲᠠ ᠶᠢᠨ ᠪᠣᠳᠠᠲᠠᠢ ᠳᠤ ᠨᠠᠶᠢᠳᠠᠪᠤᠷᠢᠵᠢᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠳᠥᠷᠪᠡ︶ ᠪᠥᠬᠦ ᠬᠤᠰᠢᠭᠤᠨ ᠤ ᠬᠤᠯᠤᠭᠠᠨ᠎ᠠ ᠤᠰᠠᠳᠬᠠᠬᠤ ᠨᠣᠬᠠᠢ ᠶᠢᠨ ᠪᠥᠭᠡᠰᠦ ᠤᠰᠠᠳᠬᠠᠬᠤ ᠠᠵᠢᠯ ᠤᠨ ᠪᠠᠶᠢᠷᠢᠯᠠᠭᠤᠯᠤᠯᠳᠠ ᠶᠣᠰᠣᠭᠠᠷ᠂ ᠮᠠᠨ ᠤ ᠬᠤᠰᠢᠭᠤ ᠨᠢ ᠤᠯᠠᠷᠢᠯ ᠤᠨ ᠴᠢᠨᠠᠷᠲᠠᠢ ᠪᠡᠯᠴᠢᠭᠡᠷ ᠰᠡᠷᠬᠦᠬᠡᠬᠦ  ᠬᠤᠭᠤᠴᠠᠭᠠᠨ ᠳᠤ ᠮᠠᠯᠵᠢᠬᠤ ᠲᠠᠷᠢᠶᠠᠯᠠᠬᠤ ᠣᠷᠣᠨ ᠤ ᠨᠤᠳᠤᠭ ᠪᠡᠯᠴᠢᠭᠡᠷ ᠲᠤ ᠬᠤᠯᠤᠭᠠᠨ᠎ᠠ ᠤᠰᠠᠳᠬᠠᠬᠤ ᠨᠣᠬᠠᠢ ᠶᠢᠨ ᠪᠥᠭᠡᠰᠦ ᠤᠰᠠᠳᠬᠠᠬᠤ ᠠᠵᠢᠯ ᠢ  ᠦᠷᠨᠢᠬᠦᠯᠬᠦ ᠪᠤᠯᠤᠨ᠎ᠠ᠃ ᠥᠷᠭᠡᠨ ᠣᠯᠠᠨ  ᠮᠠᠯᠴᠢᠨ ᠲᠠᠷᠢᠶᠠᠴᠢᠨ ᠡᠷᠦᠬᠡ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠡᠷᠭᠡᠪᠰᠢ ᠴᠢᠩᠭ᠎ᠠ ᠨᠢᠮᠪᠠᠢ ᠭᠡᠷᠡᠭᠵᠢᠬᠦᠯᠬᠦ ᠭᠡᠷᠡᠭᠳᠡᠢ᠂  ᠲᠦᠷᠢᠮ ᠲᠣᠭᠲᠠᠭᠠᠯ   ᠠᠴᠠ ᠵᠥᠷᠢᠴᠡᠨ ᠮᠠᠯ ᠤᠨᠤᠭ᠎ᠠ ᠪᠠᠨ  ᠭᠠᠷᠭᠠᠵᠤ ᠪᠡᠯᠴᠢᠭᠡᠭᠡᠳ ᠡᠮ ᠬᠤᠤᠷ᠎ᠠ ᠳᠤ ᠬᠤᠤᠷᠠᠳᠠᠭᠳᠠᠪᠠᠯ ᠠᠯᠢᠪᠠ ᠦᠷ᠎ᠡ ᠳ᠋ᠦᠩ ᠢ  ᠦᠪᠡᠷᠳᠡᠭᠡᠨ ᠬᠠᠷᠢᠭᠤᠴᠠᠨ᠎ᠠ᠃    ︵ᠲᠠᠪᠤ  ︶ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠲᠦᠷᠢᠮ ᠲᠤᠭᠳᠠᠭᠠᠯ ᠵᠦᠷᠢᠴᠡᠵᠦ ᠮᠠᠯ ᠤᠨᠤᠭ᠎ᠠ ᠪᠠᠨ ᠪᠡᠯᠴᠢᠭᠡᠷᠯᠡᠭᠦᠯᠦᠭᠰᠡᠨ  ᠥᠢᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠬᠦᠯᠬᠦ ᠶᠢ ᠬᠦᠰᠡᠵᠦ ᠪᠠᠶᠢᠨ᠎ᠠ᠃ ᠢᠯᠡᠴᠢᠯᠡᠨ ᠮᠡᠳᠡᠭᠦᠯᠬᠦ ᠤᠲᠠᠰᠤ᠄ 0479 — 5222413᠃            ᠤᠨᠴᠠᠭᠠᠶᠢᠯᠠᠨ  ᠵᠠᠷᠯᠠᠪᠠ                        ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                          202 2 ᠣᠨ ᠤ 3 ᠰᠠᠷ᠎ᠠ ᠶᠢᠨ 3 ᠤ ᠡᠳᠦᠷ
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号