ᠠᠷᠪᠠᠨ ᠲᠠᠪᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ  ︵ᠲᠦᠷᠪᠡ︶
ᠨᠡᠶᠢᠲᠡᠯᠡᠭᠰᠡᠨ ᠴᠠᠭ᠄
2022/3/9
 ᠰᠠᠭᠤᠷᠢ ᠲᠦᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠬᠤᠲᠠ ᠬᠥᠳᠡᠭᠡ ᠶᠢᠨ ᠦᠩᠭᠡ ᠲᠦᠷᠬᠦ ᠰᠢᠨᠡᠳᠦᠨ ᠬᠤᠪᠢᠷᠠᠭᠰᠠᠨ᠃ ᠬᠤᠲᠠ ᠪᠠᠯᠭᠠᠰᠤᠨ ᠤ ᠴᠢᠳᠠᠮᠵᠢ ᠶᠢ ᠲᠠᠰᠤᠷᠠᠯᠲᠠ ᠦᠭᠡᠢ ᠨᠡᠮᠡᠭᠳᠡᠬᠦᠯᠪᠡ᠃ 20 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠤᠭᠰᠠᠨ ᠬᠤᠲᠠ ᠶᠢᠨ ᠵᠠᠮ ᠨᠢ ᠬᠤᠳᠠ ᠶᠢᠨ ᠵᠡᠭᠡᠯᠢ ᠭᠤᠳᠤᠮᠵᠢ ᠶᠢᠨ ᠲᠠᠯᠠᠪᠠᠶ ᠶᠢᠨ 14.3 % ᠶᠢ ᠡᠵᠡᠯᠡᠨ᠂ ᠪᠣᠬᠢᠷ ᠤᠰᠤ ᠭᠠᠳᠠᠭᠰᠢᠯᠠᠭᠤᠯᠬᠤ᠂ ᠪᠣᠷᠣᠭᠠᠨ ᠤ ᠤᠰᠤ ᠤᠷᠤᠰᠬᠠᠬᠤ ᠵᠢᠴᠢ ᠤᠰᠤ ᠬᠠᠩᠭᠠᠬᠤ᠂ ᠢᠯᠴᠢ ᠬᠠᠩᠭᠠᠬᠤ ᠲᠤᠤᠷ ᠬᠤᠭᠤᠯᠠᠶ 74 .1 ᠺᠢᠯᠣᠮᠧᠲᠷ ᠤᠭᠰᠠᠷᠠᠵᠠᠢ᠃ ᠬᠤᠲᠠ ᠪᠠᠯᠭᠠᠰᠤᠨ ᠤ ᠬᠡᠰᠡᠭ ᠵᠡᠭᠡᠯᠢ ᠭᠤᠳᠤᠮᠵᠢ᠂ ᠬᠦᠳᠡᠯᠪᠦᠷᠢ ᠶᠢᠨ ᠲᠠᠯᠠᠪᠠᠶ᠂ ᠪᠠᠶᠢᠭᠤᠯᠭ᠎ᠠ ᠨᠢᠭᠡᠴᠡ ᠶᠢᠨ ᠬᠦᠷᠢᠶ᠎ᠡ ᠬᠠᠰᠢᠶ᠎ᠠ ᠳᠤ ᠭᠤᠶᠤᠵᠢᠭᠤᠯᠤᠯᠳᠠ᠂ ᠨᠤᠭᠤᠭᠠᠷᠠᠭᠤᠯᠤᠯᠳᠠ᠂ ᠬᠠᠳᠠᠭᠤᠷᠠᠭᠤᠯᠤᠯᠳᠠ᠂ ᠴᠡᠪᠡᠷᠵᠢᠬᠦᠯᠦᠯᠳᠡ ᠬᠢᠵᠦ᠂ ᠨᠣᠭᠤᠭᠠᠷᠠᠭᠤᠯᠤᠯᠲᠠ ᠶᠢᠨ ᠲᠠᠯᠠᠪᠠᠶ 43 ᠲᠦᠮᠡᠨ ᠬᠠᠪᠳᠠᠭᠠᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠨ᠂ ᠬᠠᠳᠠᠭᠤᠷᠠᠭᠤᠯᠤᠯᠳᠠ ᠶᠢᠨ ᠲᠠᠯᠠᠪᠠᠢ 5 ᠲᠦᠮᠡᠨ ᠬᠠᠪᠳᠠᠭᠠᠢ ᠳᠥᠷᠪᠡᠯᠵᠢᠨ ᠮᠧᠲᠷ ᠢ ᠪᠡᠶᠡᠯᠡᠭᠦᠯᠵᠦ᠂ ᠵᠡᠭᠡᠯᠢ ᠭᠤᠳᠤᠮᠵᠢ ᠶᠢᠨ ᠭᠡᠷᠡᠯᠲᠦᠭᠦᠯᠭᠡ ᠶᠢᠨ ᠨᠣᠷᠮ᠎ᠠ 100 % ᠳᠤ ᠬᠦᠷᠦᠭᠰᠡᠨ ᠪᠠᠶᠢᠨ᠎ᠠ᠃ ᠪᠣᠣᠴᠠᠩ ᠰᠣᠶᠣᠯ ᠤᠨ ᠴᠡᠴᠡᠷᠯᠢᠭ᠂ ᠰᠣᠶᠣᠯ ᠤᠨ ᠠᠭᠤᠳᠠᠮ ᠲᠠᠯᠠᠪᠠᠢ᠂ ᠥᠷᠲᠡᠭᠡᠨ ᠤ ᠡᠮᠦᠨᠡᠬᠢ ᠠᠭᠤᠳᠠᠮ ᠲᠠᠯᠠᠪᠠᠢ᠂ ᠵᠡᠭᠦᠨ ᠠᠭᠤᠯᠠᠨ ᠤ ᠨᠡᠭᠦᠷᠡᠰᠦᠲᠥ᠋ᠷᠥᠭᠴᠢ ᠬᠤᠷᠠᠭᠤᠯᠬᠤ ᠠᠵᠤ ᠠᠬᠤᠢ  ᠶᠢᠨ ᠣᠢ ᠵᠢᠴᠢ 15 ᠨᠡᠶᠢᠳᠡ ᠶᠢᠨ ᠵᠣᠷᠯᠣᠩ᠂ 51 ᠢᠯᠴᠢ ᠰᠤᠯᠢᠭᠳᠠᠭᠤᠯᠬᠤ ᠥᠷᠲᠡᠭᠡ᠂ ᠬᠤᠭ ᠪᠤᠯᠠᠬᠤ ᠲᠠᠯᠠᠪᠠᠢ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠦᠬᠦᠨ ᠢ ᠠᠰᠢᠭᠯᠠᠯᠲᠠ ᠳᠤ ᠣᠷᠣᠭᠤᠯᠪᠠ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠦᠬᠡᠷᠡᠴᠢᠯᠡᠨ ᠪᠠᠶᠢᠭᠤᠯᠬᠤ ᠠᠵᠢᠯ ᠢ ᠠᠬᠢᠭᠤᠯᠵᠤ᠂ 3 ᠰᠠᠭᠤᠷᠢ ᠣᠷᠣᠨ ᠰᠠᠭᠤᠴᠠ ᠶᠢᠨ ᠲᠣᠭᠤᠷᠢᠭ ᠢ ᠪᠠᠶᠢᠭᠤᠯᠤᠨ 3651 ᠡᠷᠦᠬᠡ ᠶᠢ ᠰᠢᠨ᠎ᠡ ᠰᠠᠭᠤᠴᠠ ᠳᠤ ᠨᠡᠬᠦᠯᠭᠡᠭᠰᠡᠨ ᠤ ᠬᠠᠮᠳᠤ᠂ 14 ᠰᠠᠭᠤᠷᠢ ᠬᠠᠭᠤᠴᠢᠨ ᠰᠠᠭᠤᠭᠠᠯᠢ ᠲᠣᠭᠤᠷᠢᠭ ᠢ ᠵᠠᠰᠠᠨ ᠰᠢᠨᠡᠳᠬᠡᠵᠡᠢ᠃ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ  ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠭᠡᠷᠡᠭᠵᠢᠬᠦᠯᠦᠨ ᠡᠬᠢᠯᠡᠵᠦ᠂ ᠠᠮᠢᠳᠤᠷᠠᠯ ᠤᠨ ᠬᠤᠭ ᠨᠣᠪᠰᠢ ᠶᠢ ᠲᠦᠪᠯᠡᠷᠡᠬᠦᠯᠦᠨ ᠰᠢᠶᠳᠪᠦᠷᠢᠯᠡᠬᠦ ᠰᠢᠰᠲ᠋ᠧᠮᠵᠢ ᠦᠨᠳᠦᠰᠦᠨ ᠳᠡᠭᠡᠨ ᠪᠦᠷᠢᠳᠦᠬᠡᠳ᠂ ᠬᠤᠭ ᠲᠡᠭᠡᠭᠡᠪᠦᠷᠢᠯᠡᠬᠦ ᠵᠢᠵᠢᠭ ᠲᠡᠷᠭᠡ 100 ᠶᠢ ᠲᠠᠷᠬᠠᠭᠠᠵᠤ᠂ ᠬᠤᠭ ᠤᠨ ᠬᠠᠶᠢᠷᠴᠠᠭ 1791 ᠶᠢ ᠲᠤᠬᠢᠷᠠᠭᠤᠯᠤᠨ᠂ ᠴᠤᠭᠯᠠᠭᠤᠯᠤᠨ ᠵᠦᠬᠡᠬᠡᠪᠦᠷᠢᠯᠡᠬᠦ ᠥᠷᠲᠡᠭᠡ 69᠂ ᠬᠤᠭ ᠤᠨ ᠤᠩᠭᠤᠴᠠ 1857᠂ ᠨᠡᠶᠢᠲᠡ ᠶᠢᠨ ᠵᠣᠷᠯᠣᠩ 508᠂ ᠰᠢᠨ᠎ᠡ ᠬᠡᠯᠪᠡᠷᠢ ᠶᠢᠨ ᠡᠷᠦᠬᠡ ᠶᠢᠨ ᠵᠣᠷᠯᠣᠩ 3051 ᠶᠢ ᠰᠢᠨ᠎ᠡ ᠪᠠᠷ ᠪᠠᠶᠢᠭᠤᠯᠵᠠᠢ᠃ ᠡᠯᠡᠰᠦᠨ ᠤ ᠡᠬᠢ ᠶᠢ ᠵᠠᠰᠠᠬᠤ ᠵᠡᠷᠭᠡ ᠠᠮᠢ ᠠᠬᠤᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠢᠮᠪᠠᠢ ᠬᠡᠷᠡᠭᠵᠢᠭᠦᠯᠵᠦ᠂ 9.8 ᠲᠦᠮᠡᠨ ᠮᠤ᠋ ᠣᠢ ᠰᠢᠭᠤᠢ ᠶᠢᠨ ᠶᠡᠷᠦᠩᠬᠡᠶᠢᠯᠡᠭᠰᠡᠨ ᠪᠠᠶᠢᠭᠤᠯᠤᠯᠲᠠ  ᠶᠢ ᠬᠢᠵᠦ᠂ ᠣᠢ ᠰᠢᠭᠤᠢ ᠶᠢᠨ ᠪᠦᠷᠬᠦᠴᠡ 21 . 9 % ᠳᠤ ᠬᠦᠷᠪᠡ᠃ 128 ᠺᠢᠯᠤᠮᠧᠲᠷ ᠭᠠᠴᠠᠭ᠎ᠠ ᠲᠣᠰᠬᠤᠨ  ᠳᠤ ᠨᠡᠪᠳᠡᠷᠡᠬᠦ ᠵᠠᠮ ᠢ ᠦᠷᠭᠡᠳᠬᠡᠨ ᠵᠠᠰᠠᠵᠤ᠂ 106 ᠺᠢᠯᠤᠮᠧᠲᠷ ᠠᠶᠢᠯ ᠬᠤᠳᠠᠨ ᠤ ᠬᠤᠭᠤᠷᠤᠨᠳᠤᠬᠢ ᠵᠠᠮ ᠢ ᠪᠠᠶᠢᠭᠤᠯᠤᠨ᠂ 167 ᠺᠢᠯᠤᠮᠧᠲᠷ ᠴᠠᠷᠳᠠᠮᠠᠯ ᠵᠠᠮ ᠢ ᠲᠡᠰ ᠳᠡᠪᠰᠢᠭᠦᠯᠵᠦ᠂ ︽304︾ ᠱᠤᠭᠤᠮ ᠤᠨ ᠪᠠᠷᠢᠯᠭ᠎ᠠ ᠶᠢ ᠡᠬᠢᠯᠡᠬᠦᠯᠦᠭᠰᠡᠨ ᠪᠦᠬᠡᠳ ᠪᠡᠭᠡᠵᠢᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠪᠠᠷᠢᠯᠭ᠎ᠠ ᠡᠬᠢᠯᠡᠬᠦ ᠨᠥᠬᠦᠴᠡᠯ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ 《 ᠳᠥᠷᠪᠡᠨ ᠰᠠᠶᠢᠨᠲᠠᠢ ᠬᠥᠳᠡᠭᠡ ᠶᠢᠨ ᠵᠠᠮ 》 ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ 1.7 ᠲᠦᠮᠡᠨ ᠮᠠᠯᠴᠢᠨ ᠲᠠᠷᠢᠶᠠᠴᠢᠨ ᠤ ᠠᠶᠤᠯᠬᠦᠢ ᠤᠰᠤ ᠤᠮᠳᠠ ᠶᠢᠨ ᠠᠰᠠᠭᠤᠳᠠᠯ ᠢ ᠰᠢᠶᠳᠪᠦᠷᠢᠯᠡᠵᠦ᠂ ᠬᠤ᠋ ᠯᠦ ᠢᠤᠢ ᠭᠤᠤᠯ᠂ ᠪᠣᠤᠴᠠᠩ ᠪᠠᠯᠭᠠᠰᠤᠨ ᠤ ᠡᠮᠦᠨ᠎ᠡ ᠭᠤᠤᠯ ᠤᠨ ᠬᠤᠩᠭᠢᠯ᠂ ᠪᠢᠶᠠᠨ ᠴᠢᠶᠠᠩ ᠲᠣᠰᠬᠤᠨ ᠤ ᠦᠶᠡᠷ ᠰᠡᠷᠭᠡᠶᠢᠯᠡᠬᠦ ᠢᠨᠵᠧᠨᠧᠷᠢᠩ ᠢ ᠪᠡᠶᠡᠯᠡᠭᠦᠯᠵᠦ᠂ 97.5 ᠬᠠᠪᠳᠠᠭᠠᠢ ᠳᠥᠷᠪᠡᠯᠵᠢᠨ ᠺᠢᠯᠣᠮᠧᠲᠷ ᠪᠠᠭ᠎ᠠ ᠰᠠᠪᠠ ᠭᠠᠵᠠᠷ ᠲᠤ ᠶᠡᠷᠦᠩᠬᠡᠶᠢᠯᠡᠭᠰᠡᠨ ᠵᠠᠰᠠᠯᠳᠠ ᠬᠢᠵᠡᠢ᠃ 78.3 ᠺᠢᠯᠤᠮᠧᠲᠷ 110 ᠺᠢᠯᠣᠸᠠᠲ ᠪᠤᠶᠤ 35 ᠺᠢᠯᠣᠸᠠᠲ ᠤᠨ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠤᠨ᠂ 361 ᠺᠢᠯᠤᠮᠧᠲᠷ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠦᠬᠡᠷᠡᠴᠢᠯᠡᠯᠳᠡ ᠶᠢ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠠᠭᠤᠴᠢᠨ ᠴᠠᠬᠢᠯᠭᠠᠨ ᠬᠦᠴᠦᠨ ᠤ ᠲᠦᠬᠦᠭᠡᠷᠦᠮᠵᠢ ᠶᠢ ᠰᠢᠨᠡᠳᠬᠡᠨ ᠵᠠᠰᠠᠭᠰᠠᠨ ᠨᠣᠷᠮ᠎ᠠ78 . 9 % ᠳᠤ ᠬᠦᠷᠦᠭᠰᠡᠨ ᠪᠠᠶᠢᠨ᠎ᠠ᠃ 4G ᠳᠣᠬᠢᠶᠠᠨ ᠤ ᠪᠦᠷᠬᠦᠴᠡ ᠶᠢᠨ ᠨᠣᠷᠮ᠎ᠠ 99 % ᠳᠤ ᠬᠦᠷᠴᠦ᠂ 5G ᠰᠠᠭᠤᠷᠢ ᠥᠷᠲᠡᠭᠡ 28 ᠪᠠᠶᠢᠭᠤᠯᠤᠭᠳᠠᠵᠠᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠯᠠᠪᠳᠠᠭᠤᠨ ᠪᠠᠲᠤᠲᠠᠶ ᠡᠬᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ 《 ᠳᠥᠷᠪᠡ ᠶᠢ ᠦᠯᠦ ᠲᠠᠶᠠᠭᠳᠠᠬᠤ 》 ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠣᠷᠣᠯᠭ᠎ᠠ ᠪᠠᠭᠠᠲᠠᠶ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠪᠠ ᠬᠥᠳᠡᠯᠮᠦᠷᠢᠯᠡᠬᠦ ᠴᠢᠳᠠᠪᠤᠷᠢ ᠥᠬᠡᠶ ᠬᠥᠮᠦᠨ ᠠᠮᠠ ᠶᠢ ᠴᠠᠭ ᠲᠤᠬᠠᠶ ᠳᠤᠨᠢ ᠨᠡᠶᠢᠭᠡᠮ ᠤᠨ ᠦᠨᠳᠦᠰᠦᠨ ᠪᠠᠳᠤᠯᠠᠭᠠᠨ ᠳᠤ ᠣᠷᠣᠭᠤᠯᠬᠤ ᠶᠢ ᠪᠠᠳᠤᠯᠠᠵᠠᠢ᠃ 176 ᠭᠠᠴᠠᠭ᠎ᠠ ᠲᠣᠰᠬᠤᠨ ᠳᠤ ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢᠨ ᠭᠡᠰᠢᠬᠦᠨ ᠢᠶᠠᠷ 394 ᠬᠥᠮᠦᠨ ᠢ ᠰᠣᠩᠭᠤᠨ ᠲᠣᠮᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ  ᠪᠠᠷ ᠠᠬᠢᠭᠤᠯᠬᠤ ᠳᠤ ᠵᠣᠬᠢᠶᠠᠨ ᠪᠠᠶᠢᠭᠤᠯᠤᠯᠳᠠ᠂ ᠴᠢᠳᠠᠪᠤᠷᠢᠲᠠᠨ ᠪᠠ ᠵᠠᠷᠤᠳᠠᠯ ᠤᠨ ᠪᠠᠲᠤᠯᠠᠭ᠎ᠠ ᠬᠠᠩᠭᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠦᠨ ᠦᠷᠭᠡᠳᠭᠡᠬᠦ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠲᠥᠷᠥ ᠶᠢᠨ ᠪᠣᠳᠣᠯᠭ᠎ᠠ᠂ ᠲᠦᠰᠦᠪ ᠲᠥᠯᠥᠪᠵᠢᠭᠦᠯᠭᠡ᠂ ᠠᠵᠤ ᠦᠶᠯᠡᠰ ᠵᠡᠷᠭᠡ ᠲᠠᠯ᠎ᠠ ᠪᠠᠷ ᠪᠦᠲᠦᠮᠵᠢᠲᠡᠶ ᠵᠣᠯᠭᠠᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠲᠥᠷᠥᠯ ᠵᠦᠶᠯ ᠤᠨ ᠡᠵᠡᠩᠨᠡᠯᠲᠡ ᠬᠠᠮᠢᠶᠠᠷᠤᠯᠲᠠ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ  ᠢ ᠪᠡᠭᠡᠵᠢᠩ ᠳᠤ ᠣᠷᠣᠭᠤᠯᠬᠤ᠂ ᠮᠥᠩᠭᠦᠨ ᠭᠦᠶᠯᠭᠡᠭᠡᠨ ᠢᠶᠠᠷ ᠲᠠᠷᠢᠶᠠᠯᠠᠩ ᠢ ᠲᠤᠰᠠᠯᠠᠵᠤ ᠲᠠᠷᠢᠶᠠᠯᠠᠩ ᠢ ᠳᠡᠮᠵᠢᠬᠦ ᠵᠡᠷᠭᠡ ᠪᠣᠳᠠᠲᠠᠶ ᠠᠵᠢᠯ ᠢ ᠬᠦᠴᠦ ᠤᠷᠤᠭᠤᠯᠵᠤ ᠰᠠᠶᠢᠲᠤᠷ ᠠᠳᠬᠤᠨ᠂ ᠡᠬᠢ ᠪᠠᠶᠠᠯᠢᠭ ᠢ ᠲᠦᠪᠯᠡᠷᠡᠬᠦᠯᠵᠦ ᠶᠠᠳᠠᠭᠤ  ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠤᠯᠳᠠ ᠶᠢ ᠳᠡᠮᠵᠢᠵᠦ ᠪᠠᠶᠢᠭᠰᠠᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠡᠶᠢᠰᠢ ᠲᠣᠭᠲᠠᠭᠤᠨ ᠢᠶᠠᠷ ᠰᠢᠯᠵᠢᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号