ᠭᠠᠯ ᠲᠦᠢᠮᠡᠷ ᠢ ᠤᠷᠢᠳᠴᠢᠯᠠᠨ ᠰᠡᠷᠭᠡᠶᠢᠯᠡᠵᠦ ᠣᠶ ᠪᠡᠯᠴᠢᠭᠡᠷ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2022/4/1
 ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠭᠰᠠᠨ ᠠᠴᠠ ᠨᠠᠰᠢ᠂ ᠲᠠᠶᠢᠹᠤᠰᠧ ᠬᠤᠰᠢᠭᠤᠨ ᠤ ᠬᠢᠨ ᠡᠷᠴᠢ ᠬᠦᠴᠦᠲᠡᠢ ᠠᠷᠭ᠎ᠠ ᠬᠡᠮᠵᠢᠶ᠎ᠡ ᠠᠪᠴᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ  ᠰᠡᠷᠭᠡᠶᠢᠯᠡᠬᠦ ᠠᠵᠢᠯ ᠢ ᠴᠢᠩᠭᠠᠳᠬᠠᠨ᠂ ᠠᠮᠤᠷ ᠲᠦᠪᠰᠢᠨ ᠤ ᠲᠣᠣᠷ ᠢ  ᠨᠠᠷᠢᠨ ᠨᠢᠭᠲᠠ ᠮᠦᠷᠳᠡᠭᠡᠨ ᠪᠠᠲᠤ ᠪᠠᠬᠢ ᠰᠦᠯᠵᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠬᠢᠭᠡᠳ ᠠᠮᠢ ᠠᠬᠤᠢ ᠤᠷᠴᠢᠨ ᠲᠤᠭᠤᠷᠢᠨ ᠤ ᠠᠮᠤᠷ ᠲᠦᠪᠰᠢᠨ ᠢ ᠪᠠᠳᠤᠯᠠᠵᠤ ᠪᠠᠶᠢᠨ᠎ᠠ᠃   3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠤᠯ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠪᠤᠯᠤᠨ᠎ᠠ᠃ ᠭᠠᠯ ᠤᠨ ᠠᠶᠤᠯ ᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂  ᠬᠤᠰᠢᠭᠤ ᠵᠠᠰᠠᠭ ᠤᠨ ᠣᠷᠳᠣᠨ ᠠᠴᠠ ᠣᠶ ᠰᠢᠭᠤᠢ ᠨᠤᠳᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠷᠯᠠᠯ ᠨᠡᠶᠢᠲᠡᠯᠡᠵᠦ᠂ ᠡᠯ᠎ᠡ ᠬᠠᠷᠢᠭᠤᠴᠠᠭᠴᠢ ᠨᠢᠭᠡᠴᠡ ᠪᠠ ᠬᠤᠪᠢ ᠬᠥᠮᠥᠨ ᠤ ᠡᠭᠦᠷᠭᠡ ᠬᠠᠷᠢᠭᠤᠴᠠᠯᠭ᠎ᠠ ᠶᠢ  ᠴᠢᠩᠭ᠎ᠠ ᠨᠠᠶᠢᠳᠠᠪᠤᠷᠢᠵᠢᠭᠤᠯᠤᠨ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂  ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠤᠯᠢ ᠲᠦᠷᠢᠮ ᠢ ᠴᠢᠩᠭ᠎ᠠ  ᠭᠡᠷᠡᠭᠵᠢᠬᠦᠯᠵᠡᠢ᠃ ᠡᠭᠦᠨ ᠤ ᠬᠠᠮᠲᠤ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠨᠢ ᠳᠠᠷᠤᠢ ᠲᠦᠷᠭᠡᠨ ᠬᠥᠳᠡᠯᠦᠯᠴᠡᠵᠦ᠂  ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠭᠰᠡᠨ ᠪᠠᠶᠢᠨ᠎ᠠ᠃ ᠬᠠᠪᠤᠷ ᠤᠨ ᠤᠯᠠᠷᠢᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠤᠯᠠᠮ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂  ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶᠠᠨ ᠤ ᠠᠵᠢᠯᠳᠠᠳ ᠡᠷᠳᠡ  ᠠᠴᠠ ᠬᠦᠳᠡᠯᠦᠯᠴᠡᠨ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠲᠤᠭ ᠲᠠᠯᠪᠠᠭ᠎ᠠ ᠶᠢ ᠪᠤᠰᠬᠠᠨ᠂  ᠲᠠᠬᠢᠯᠭ᠎ᠠ ᠬᠢᠬᠦ ᠪᠠᠷ ᠢᠷᠡᠭᠰᠡᠨ ᠪᠤᠶᠤ ᠵᠤᠭᠠᠴᠠᠨ ᠲᠤᠭᠤᠷᠢᠵᠤ ᠪᠠᠶᠢᠭ᠎ᠠ ᠠᠷᠠᠳ ᠤᠯᠠᠨ ᠳᠤ ᠭᠠᠯ ᠰᠡᠷᠭᠡᠶᠢᠯᠡᠬᠦ ᠶᠢ ᠵᠠᠬᠢᠨ ᠰᠠᠨᠠᠭᠤᠯᠵᠠᠢ᠃ ᠣᠶ ᠰᠢᠭᠤᠢ ᠶᠢᠨ ᠲᠠᠯᠠᠪᠠᠶ ᠳᠤ ᠰᠠᠭᠤᠭ᠎ᠠ ᠭᠠᠯ ᠤᠨᠲᠠᠷᠠᠭᠠᠬᠤ ᠠᠩᠭᠢ ᠶᠢᠨ  ᠬᠢᠨ ᠠᠵᠢᠯ ᠤᠨ ᠪᠠᠶᠢᠷᠢ ᠣᠨᠴᠠᠭᠠᠶ᠂ ᠡᠭᠦᠷᠭᠡ ᠬᠠᠷᠢᠭᠤᠴᠠᠯᠭ᠎ᠠ  ᠬᠦᠨᠳᠦ ᠭᠡᠳᠡᠭ ᠢᠶᠠᠨ ᠭᠦᠨᠵᠡᠭᠡᠢ ᠲᠠᠨᠢᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠤᠨᠤᠷ ᠰᠡᠷᠡᠮᠵᠢ ᠲᠠᠢ ᠪᠠᠶᠢᠵᠤ᠂ ᠪᠦᠬᠦ ᠬᠦᠴᠦᠨ ᠢᠶᠠᠷ ᠲᠠᠶᠢᠨ ᠳᠤ ᠪᠡᠯᠡᠳᠭᠡᠨ᠂ ᠥᠨᠳᠥᠷ ᠦᠷ᠎ᠡ ᠪᠦᠲᠦᠮᠵᠢᠲᠡᠢ  ᠪᠠᠶᠢᠯᠳᠤᠭᠠᠨ ᠤ ᠠᠷᠭ᠎ᠠ ᠪᠤᠳᠤᠯᠭ᠎ᠠ ᠶᠢ  ᠢᠳᠡᠪᠬᠢᠲᠡᠢ ᠰᠦᠪᠡᠭᠴᠢᠯᠡᠵᠦ᠂  ᠠᠵᠢᠯᠳᠠᠳ ᠢᠶᠠᠨ ᠵᠤᠬᠢᠶᠠᠨ ᠪᠠᠶᠢᠭᠤᠯᠵᠤ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢ ᠦᠷᠨᠢᠬᠦᠯᠦᠨ᠂ ᠠᠵᠢᠯ ᠤᠨ ᠬᠢᠷᠢ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠠᠯ ᠤᠨ ᠠᠶᠤᠯ ᠭᠠᠷᠪᠠᠯ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ  ᠪᠠᠷ ᠴᠢᠷᠮᠠᠶᠢᠵᠤ ᠪᠤᠢ᠃  ᠣᠶ ᠰᠢᠭᠤᠢ  ᠨᠤᠳᠤᠭ ᠪᠡᠯᠴᠢᠭᠡᠷ ᠤᠨ ᠲᠤᠪᠴᠢᠶᠠᠨ ᠤ ᠬᠢᠨ  ᠪᠠᠰᠠ ᠠᠷᠠᠳ ᠢᠷᠭᠡᠳ ᠲᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ ᠭᠠᠯ ᠲᠦᠢᠮᠡᠷ ᠤᠨ ᠬᠤᠣᠷ ᠬᠥᠨᠥᠭᠡᠯ ᠢ ᠲᠠᠨᠢᠭᠤᠯᠵᠤ᠂ ᠬᠠᠤᠯᠢ ᠲᠦᠷᠢᠮ ᠪᠠ ᠠᠩᠬᠠᠷᠬᠤ ᠵᠦᠢᠯᠡᠰ ᠢ ᠤᠬᠠᠭᠤᠯᠤᠨ  ᠂ ᠣᠯᠠᠨ ᠲᠦᠮᠡᠨ ᠤ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠢ ᠲᠡᠭᠡᠭᠰᠢᠯᠡᠬᠦᠯᠬᠦ  ᠶᠢᠨ ᠬᠠᠮᠳᠤ᠂ᠬᠦᠮᠦᠨ ᠬᠠᠷ᠎ᠠ᠂ ᠲᠡᠷᠭᠡ ᠬᠥᠰᠬᠡ᠂ ᠡᠯ᠎ᠡ ᠲᠦᠷᠦᠯ ᠤᠨ ᠪᠠᠭᠠᠵᠢ ᠬᠡᠷᠡᠭᠰᠡᠯ ᠢ ᠬᠦᠢᠴᠡᠳ ᠪᠡᠯᠡᠳᠭᠡᠨ᠂ ᠤᠢ ᠰᠢᠭᠤᠢ ᠨᠤᠳᠤᠭ ᠪᠡᠯᠴᠢᠭᠡᠷ ᠤᠨ ᠲᠣᠭᠤᠷᠢᠨ ᠪᠠᠶᠢᠴᠠᠭᠠᠯᠳᠠ ᠶᠢ ᠴᠢᠩᠭᠠᠳᠬᠠᠵᠤ᠂ 24 ᠴᠠᠭ ᠢᠶᠠᠷ ᠵᠢᠵᠢᠬᠦᠷᠯᠡᠨ ᠂  ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠪᠡᠯᠡᠳᠭᠡᠯ ᠠᠵᠢᠯ ᠢ ᠰᠠᠶᠢᠨ ᠬᠢᠵᠦ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号