ᠠᠷᠪᠠᠨ ᠲᠠᠪᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ  ︵ᠲᠠᠪᠤ︶
ᠨᠡᠶᠢᠲᠡᠯᠡᠭᠰᠡᠨ ᠴᠠᠭ᠄
2022/4/1
 ᠨᠡᠶᠢᠭᠡᠮ ᠤᠨ ᠦᠢᠯᠡᠰ ᠡᠷᠡᠭᠦᠯ ᠢᠶᠠᠷ ᠬᠥᠭᠵᠢᠵᠦ᠂ ᠠᠷᠠᠳ ᠤᠨ ᠠᠮᠢᠳᠤᠷᠠᠯ ᠡᠳᠦᠷ ᠢᠷᠡᠬᠦᠶ᠎ᠡ ᠰᠠᠶᠢᠵᠢᠷᠠᠭᠰᠠᠨ᠃ ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠴᠢᠩᠭᠠᠷᠠᠵᠤ ᠢᠷᠡᠪᠡ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ  ᠳᠤ ᠨᠡᠶᠢᠲᠡ 78 . 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠨᠡ ᠨᠢ ᠡᠳ᠋ ᠤᠨ ᠵᠠᠰᠠᠭ ᠤᠨ ᠵᠠᠷᠤᠯᠭ᠎ᠠ ᠶᠢᠨ 85% ᠢᠯᠡᠬᠦᠦ ᠶᠢ ᠡᠵᠡᠯᠡᠭᠰᠡᠨ ᠪᠠᠶᠢᠨ᠎ᠠ᠃ 5 ᠲᠦᠮᠡᠨ ᠠᠵᠢᠯ ᠤᠨ ᠪᠠᠶᠢᠷᠢ ᠡᠯᠰᠡᠵᠦ᠂ 5276 ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠲᠤᠯᠠᠭᠠᠲᠤ ᠵᠢᠭᠡᠯᠡᠯᠭᠡ ᠲᠠᠷᠬᠠᠭᠠᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.11% ᠳᠣᠲᠣᠷ᠎ᠠ ᠬᠢᠵᠠᠭᠠᠷᠯᠠᠪᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠦᠮᠦᠰ ᠤᠨ ᠠᠰᠠᠷᠠᠮᠵᠢ ᠬᠠᠷᠠᠭᠠᠯᠵᠠᠯ᠂ ᠥᠨᠳᠥᠷ ᠨᠠᠰᠤᠨ ᠤ ᠨᠦᠬᠦᠪᠦᠷᠢ᠂ ᠨᠠᠰᠤᠵᠢᠯ ᠤᠨ ᠳᠠᠭᠠᠳᠬᠠᠯ ᠪᠠ ᠡᠮᠨᠡᠯᠭᠡ ᠶᠢᠨ ᠳᠠᠭᠠᠳᠬᠠᠯ ᠳᠤ ᠤᠷᠤᠬᠤ ᠶᠤᠰᠤᠳᠠᠢ ᠶᠢ ᠨᠢ ᠪᠦᠬᠦᠨ ᠢ ᠤᠷᠤᠭᠤᠯᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ᠂ ᠨᠡᠶᠢᠭᠡᠮ  ᠤᠨ ᠠᠪᠤᠷᠠᠨ ᠲᠤᠰᠠᠯᠠᠮᠵᠢ᠂ ᠨᠡᠶᠢᠭᠡᠮ ᠤᠨ ᠠᠰᠠᠷᠠᠮᠵᠢ ᠵᠢᠴᠢ ᠵᠡᠮᠳᠡᠭᠴᠦᠳ ᠤᠨ ᠬᠠᠷᠠᠭᠠᠯᠵᠠᠯ ᠵᠡᠷᠭᠡ ᠪᠠᠳᠤᠯᠠᠭᠠᠨ ᠤ ᠰᠢᠰᠲ᠋ᠧᠮ ᠪᠦᠷᠢᠨᠰᠢᠨ ᠲᠡᠬᠦᠯᠳᠡᠷᠵᠢᠵᠡᠢ᠃ ᠨᠡᠶᠢᠭᠡᠮ ᠤᠨ ᠦᠢᠯᠡᠰ ᠲᠦᠷᠭᠡᠨ ᠬᠥᠭᠵᠢᠪᠡ᠃ ᠰᠤᠷᠭᠠᠨ ᠬᠥᠮᠦᠵᠢᠯ ᠤᠨ ᠦᠢᠯᠡᠰ ᠲᠤ 2.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ 3 ᠶᠢ ᠪᠠᠶᠢᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ 85 % ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ 《 ᠠᠷᠪᠠᠨ ᠳᠥᠷᠪᠡᠳᠦᠭᠡᠷ ᠲᠠᠪᠤᠨ ᠵᠢᠯ 》  ᠤᠨ ᠲᠥᠯᠥᠪᠵᠢᠭᠦᠯᠭᠡ ᠶᠢᠨ ᠬᠠᠷᠠᠯᠲᠠ ᠶᠢ ᠳᠥᠷᠪᠡᠨ ᠵᠢᠯ ᠤᠷᠢᠳᠴᠢᠯᠠᠨ ᠪᠡᠶᠡᠯᠡᠬᠦᠯᠦᠭᠰᠡᠨ ᠪᠦᠬᠡᠳ ᠬᠥᠳᠡᠭᠡ ᠲᠣᠰᠬᠤᠨ ᠤ ᠰᠤᠷᠭᠠᠭᠤᠯᠢ 2 ᠢ ᠰᠢᠨ᠎ᠡ ᠪᠠᠷ ᠪᠠᠶᠢᠭᠤᠯᠵᠤ᠂ 11 ᠰᠤᠷᠭᠠᠭᠤᠯᠢ ᠳᠤ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠬᠢᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠬᠦᠯᠬᠦ ᠠᠵᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠨ᠎ᠠ᠃ 342 ᠪᠠᠭᠰᠢ ᠡᠯᠰᠡᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠵᠢᠯ ᠲᠠᠷᠠᠭᠠᠯᠠᠨ ᠰᠠᠶᠢᠵᠢᠷᠠᠭᠤᠯᠤᠭᠰᠠᠨ ᠪᠦᠬᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠭᠡᠷᠡᠭᠯᠡᠵᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠵᠦ᠂ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠲᠠᠰᠤᠷᠠᠯᠲᠠ ᠥᠬᠡᠶ ᠲᠡᠭᠡᠭᠰᠢᠯᠡᠨ ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠪᠠ ᠲᠥᠯᠥᠪᠯᠡᠭᠡᠲᠦ ᠦᠷᠡᠵᠢᠯ ᠤᠨ ᠦᠶᠯᠡᠴᠢᠯᠡᠭᠡᠨ ᠤ ᠲᠥᠪ᠂ 3 ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 1 ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠠᠰᠢᠭᠯᠠᠯᠲᠠ ᠳᠤ ᠣᠷᠣᠵᠤ᠂ ᠪᠥᠬᠦ ᠬᠤᠰᠢᠭᠤᠨ  ᠤ 11 ᠡᠷᠡᠭᠦᠯ ᠬᠠᠮᠠᠭᠠᠯᠠᠯ ᠤᠨ ᠬᠤᠷᠢᠶ᠎ᠠ ᠳᠤ ᠪᠦᠷ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠪᠠ ᠲᠤᠰᠠᠭᠠᠷᠯᠠᠨ ᠠᠵᠢᠭᠯᠠᠬᠤ ᠲᠠᠰᠤᠭ ᠪᠠᠶᠢᠭᠤᠯᠤᠭᠰᠠᠨ ᠪᠦᠬᠡᠳ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠯᠤᠭᠠᠨ᠎ᠠ  ᠶᠢᠨ ᠬᠢᠵᠢᠭ ᠪᠠᠶᠢᠴᠠᠭᠠᠨ ᠬᠡᠮᠵᠢᠬᠦ ᠲᠥᠷᠥᠯ ᠵᠦᠶᠯ ᠢ ᠭᠡᠷᠡᠭᠵᠢᠬᠦᠯᠵᠦ ᠡᠬᠢᠯᠡᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠣᠯᠭᠤᠮᠵᠢᠲᠠᠶ ᠰᠠᠶᠢᠲᠤᠷ ᠠᠳᠬᠤᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠳᠡᠯᠭᠡ ᠶᠢᠨ ᠲᠤᠬᠠᠢ ᠬᠦᠮᠦᠰ ᠤᠨ ᠤᠶᠢᠯᠠᠭᠠᠵᠤ ᠮᠡᠳᠡᠬᠦ ᠨᠣᠷᠮ᠎ᠠ ᠶᠢ ᠲᠡᠭᠡᠭᠰᠢᠯᠡᠬᠦᠯᠦᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ  ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠤᠯᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠤᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠬᠤᠰᠢᠭᠤ ᠪᠠ ᠥᠪᠡᠷᠲᠡᠭᠡᠨ ᠵᠠᠰᠠᠬᠤ ᠣᠷᠣᠨ ᠤ ᠠᠷᠢᠭᠤᠨ ᠴᠡᠪᠡᠷ ᠬᠤᠲᠠ ᠪᠠᠯᠭᠠᠰᠤ ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠤ ᠬᠠᠮᠳᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠠᠭᠤᠷᠢᠨ ᠭᠠᠵᠠᠷ 2 ᠢ ᠰᠢᠨ᠎ᠡ ᠪᠠᠷ ᠪᠠᠶᠢᠭᠤᠯᠵᠤ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ᠂ ᠲᠠᠶᠢᠹᠤᠰᠧ ᠬᠤᠰᠢᠭᠤᠨ  ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ ᠠᠰᠢᠭᠯᠠᠯᠲᠠ ᠳᠤ ᠣᠷᠣᠭᠤᠯᠤᠨ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠤ ᠠᠵᠢᠯᠯᠠᠬᠤ ᠨᠥᠬᠦᠴᠡᠯ ᠢ ᠪᠦᠷᠢᠯᠳᠦᠭᠦᠯᠪᠡ᠃ ᠨᠡᠷᠡᠲᠦ ᠲᠡᠮᠳᠡᠭᠵᠢᠭᠰᠡᠨ ᠰᠣᠶᠣᠯ ᠲᠠᠮᠢᠷ ᠤᠨ ᠠᠵᠢᠯᠯᠠᠭ᠎ᠠ ᠶᠢ ᠬᠦᠴᠦᠯᠡᠨ ᠦᠷᠨᠢᠬᠦᠯᠵᠦ᠂ ᠤᠯᠠᠭᠠᠨᠮᠥ᠋ᠴᠢᠷ ᠤᠨ ᠤᠷᠠᠯᠢᠭ ᠤᠨ ᠲᠥᠪ ᠢ ᠰᠢᠨ᠎ᠡ ᠪᠠᠷ ᠪᠠᠶᠢᠭᠤᠯᠬᠤ᠂ ᠦᠷᠡᠭᠳᠡᠭᠰᠡᠨ ᠪᠠᠭᠠᠲᠤᠷᠴᠤᠳ ᠤᠨ ᠤᠩᠭᠤᠨ ᠢ ᠥᠷᠭᠡᠳᠬᠡᠨ ᠪᠠᠶᠢᠭᠤᠯᠬᠤ  ᠠᠵᠢᠯ ᠢ ᠬᠢᠵᠦ᠂ ᠪᠢᠶᠠᠨ ᠴᠢᠶᠠᠩ ᠲᠤᠰᠬᠤᠨ ᠤ ᠤᠮᠪᠠᠯᠲᠠ ᠶᠢᠨ ᠣᠷᠳᠣᠨ ᠤ ᠪᠠᠶᠢᠭᠤᠯᠤᠯᠳᠠ ᠶᠢ ᠲᠦᠷᠭᠡᠳᠬᠡᠨ ᠠᠬᠢᠭᠤᠯᠤᠭᠰᠠᠨ ᠪᠠᠶᠢᠨ᠎ᠠ᠃ ᠨᠡᠶᠢᠭᠡᠮ ᠤᠨ ᠶᠡᠭᠡ ᠲᠠᠯ᠎ᠠ ᠶᠢᠨ ᠪᠠᠶᠢᠳᠠᠯ ᠡᠶ᠎ᠡ ᠵᠣᠬᠢᠴᠠᠯ ᠲᠠᠢ ᠠᠮᠤᠷ ᠲᠣᠭᠲᠠᠭᠤᠨ ᠢᠶᠠᠨ ᠪᠠᠳᠤᠯᠠᠪᠠ᠃ ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ 《 ᠳᠣᠯᠣᠳᠤᠭᠠᠷ ᠲᠠᠪᠤᠨ ᠵᠢᠯ 》 ᠤᠨ ᠬᠠᠤᠯᠢ ᠲᠦᠭᠡᠮᠡᠯᠵᠢᠭᠦᠯᠬᠦ ᠠᠵᠢᠯ ᠢ ᠠᠮᠵᠢᠯᠲᠠ ᠲᠠᠢ ᠲᠠᠭᠤᠰᠬᠠᠨ᠂《 ᠣᠶᠤᠨᠴᠢ ᠬᠠᠤᠯᠢ 》ᠦᠢᠯᠡᠴᠢᠯᠡᠭᠡᠨ ᠤ ᠲᠠᠪᠴᠠᠩ ᠢ ᠠᠰᠢᠭᠯᠠᠯᠲᠠ ᠳᠤ ᠤᠷᠤᠭᠤᠯᠤᠭᠰᠠᠨ ᠤ ᠬᠠᠮᠳᠤ᠂ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠲᠦᠷᠢᠮ᠂ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠳᠦᠷᠢᠮ ᠵᠡᠷᠭᠡ ᠶᠢ ᠨᠢᠮᠪᠠᠢ ᠨᠠᠶᠢᠳᠠᠪᠤᠷᠢᠵᠢᠭᠤᠯᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠣᠯᠤᠨ ᠬᠦᠴᠢᠷ ᠲᠦᠪᠡᠭᠲᠡᠶ ᠠᠰᠠᠭᠤᠳᠠᠯ ᠢ ᠰᠢᠶᠳᠪᠦᠷᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠦᠷᠨᠢᠬᠦᠯᠦᠨ᠂ ᠬᠠᠷ᠎ᠠ ᠪᠦᠯᠦᠭᠳᠡᠨ ᠬᠠᠷᠭᠢᠰ ᠬᠦᠴᠦᠨ ᠳᠤ ᠬᠤᠯᠪᠣᠭᠳᠠᠭᠰᠠᠨ 20 ᠬᠡᠷᠡᠭ ᠢ ᠪᠠᠶᠢᠴᠠᠭᠠᠨ ᠢᠯᠡᠷᠡᠭᠦᠯᠵᠦ᠂ 63 ᠰᠡᠵᠢᠭᠳᠡᠨ ᠢ ᠪᠠᠷᠢᠪᠴᠢᠯᠠᠭᠰᠠᠨ ᠪᠦᠬᠡᠳ 349 ᠤᠳᠠᠭᠠᠨ ᠤ ᠡᠷᠡᠭᠦᠦ ᠶᠢᠨ ᠬᠡᠷᠡᠭ ᠢ ᠢᠯᠡᠷᠡᠭᠦᠯᠵᠦ᠂ 1479 ᠤᠳᠠᠭᠠᠨ ᠤ ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠰᠢᠶᠳᠪᠦᠷᠢᠯᠡᠪᠡ᠃ ᠦᠨᠳᠦᠰᠦᠨ ᠱᠠᠲᠤᠨ ᠤ ᠴᠠᠭᠳᠠᠭᠠᠨ ᠤ ᠬᠦᠴᠦᠨ ᠢ ᠪᠦᠬᠦ ᠲᠠᠯ᠎ᠠ ᠪᠠᠷ ᠴᠢᠩᠭᠠᠳᠬᠠᠵᠤ᠂ 176 ᠭᠠᠴᠠᠭ᠎ᠠ ᠲᠣᠰᠬᠤᠨ ᠳᠤ ᠴᠠᠭᠳᠠᠭᠠᠨ ᠤ ᠶᠠᠪᠤᠳᠠᠯ ᠤᠨ ᠲᠤᠰᠠᠯᠠᠭᠴᠢ ᠲᠤᠬᠢᠷᠠᠭᠤᠯᠵᠠᠢ᠃ ᠪᠦᠬᠦ ᠤᠯᠤᠰ᠂ ᠪᠦᠬᠦ ᠣᠷᠣᠨ ᠤ ᠴᠢᠬᠤᠯᠠ ᠴᠠᠭ ᠵᠠᠩᠭᠢᠯᠠᠭ᠎ᠠ ᠶᠢᠨ ᠬᠤᠭᠤᠴᠠᠭᠠᠨ ᠤ ᠠᠮᠤᠷ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠰᠢᠰᠲ᠋ᠧᠮᠵᠢ ᠪᠣᠯᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠤᠢᠭᠡᠢ ᠪᠦᠷᠢᠨᠰᠢᠭᠦᠯᠦᠨ᠂ ᠠᠶᠤᠯ ᠦᠭᠡᠶ ᠦᠢᠯᠡᠳᠪᠦᠷᠢᠯᠡᠯ ᠤᠨ ᠲᠤᠭᠳᠠᠭᠤᠨ ᠪᠠᠶᠢᠳᠠᠯ ᠢ ᠪᠠᠳᠤᠯᠠᠭᠰᠠᠨ ᠤ ᠬᠠᠮᠳᠤ᠂ ᠢᠳᠡᠭᠡᠨ ᠤ ᠠᠮᠤᠷ ᠲᠦᠪᠰᠢᠨ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号