ᠬᠤᠨᠢ ᠮᠠᠯ ︽ᠬᠠᠰᠢᠶᠠᠨ ᠳᠠᠭᠠᠨ ᠰᠡᠯᠡᠬᠦᠴᠡᠵᠦ︾  ᠬᠦᠳᠡᠭᠡ ᠨᠤᠳᠤᠭ ︽ᠴᠠᠯᠢᠩ ᠲᠠᠢ ᠠᠮᠠᠷᠠᠨᠠᠮ ︾
ᠨᠡᠶᠢᠲᠡᠯᠡᠭᠰᠡᠨ ᠴᠠᠭ᠄
2022/4/12
  ᠤᠯᠠᠷᠢᠯ ᠤᠨ ᠴᠢᠨᠠᠷᠳᠠᠢ ᠪᠡᠯᠴᠢᠭᠡᠷ ᠰᠡᠷᠬᠦᠭᠡᠬᠦ ᠪᠣᠯ ᠲᠠᠴᠢᠷᠰᠢᠵᠤ ᠮᠠᠭᠤᠳᠠᠭᠰᠠᠨ ᠨᠤᠲᠤᠭ ᠪᠡᠯᠴᠢᠭᠡᠷ ᠢ  ᠬᠤᠭᠤᠴᠠᠭ᠎ᠠ ᠲᠠᠢ ᠠᠮᠠᠷᠠᠭᠠᠵᠤ᠂  ᠠᠮᠢ ᠠᠬᠤᠢ ᠶᠢ ᠰᠡᠷᠬᠦᠬᠡᠨ ᠵᠠᠰᠠᠬᠤ  ᠴᠢᠬᠤᠯᠠ ᠠᠷᠭ᠎ᠠ ᠬᠡᠮᠵᠢᠶ᠎ᠡ ᠪᠣᠯᠣᠨ᠎ᠠ᠃  ᠲᠠᠶᠢᠹᠤᠰᠧ ᠬᠤᠰᠢᠭᠤ ᠨᠢ 4 ᠰᠠᠷ᠎ᠠ ᠶᠢᠨ 10  ᠤ ᠡᠳᠦᠷ ᠠᠴᠠ ᠡᠬᠢᠯᠡᠨ᠂ ᠬᠦᠨᠪᠤᠯᠠᠭ ᠰᠤᠮᠤᠨ ᠤ 108.63 ᠲᠦᠮᠡᠨ ᠮᠦ ᠨᠤᠳᠤᠭ ᠪᠡᠯᠴᠢᠭᠡᠷ ᠲᠤ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ   ᠢ ᠭᠡᠷᠡᠭᠵᠢᠬᠦᠯᠬᠦ   ᠪᠠᠷ ᠲᠤᠭᠳᠠᠵᠠᠢ᠃ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠬᠡᠵᠢᠬᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ  ᠶᠢ ᠪᠠᠳᠤᠯᠠᠬᠤ  ᠪᠠ  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠢ ᠤᠯᠠᠮ ᠰᠠᠶᠢᠨ ᠨᠠᠶᠢᠳᠠᠪᠤᠷᠢᠵᠢᠭᠤᠯᠬᠤ ᠶᠢᠨ ᠲᠦᠯᠦᠭᠡ᠂  ᠬᠠᠪᠤᠷ ᠤᠨ ᠬᠠᠰᠢᠶᠠᠯᠠᠭ᠎ᠠ ᠡᠬᠢᠯᠡᠭᠰᠡᠨ ᠡᠳᠦᠷ ᠬᠦᠨᠪᠤᠯᠠᠭ  ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠪᠡᠯᠴᠢᠭᠡᠷ ᠰᠡᠷᠬᠦᠬᠡᠬᠦ ᠣᠷᠣᠨ ᠢ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠠᠵᠢᠯᠳᠠᠳ  ᠭᠤᠷᠪᠠᠨ ᠲᠤᠭᠤᠶᠢᠯᠠᠩ  ᠬᠤᠪᠢᠶᠠᠵᠤ 19 ᠭᠠᠴᠠᠭ᠎ᠠ ᠳᠤ ᠭᠦᠨᠵᠡᠭᠡᠶᠢᠷᠡᠨ ᠲᠣᠭᠤᠷᠢᠨ ᠪᠠᠶᠢᠴᠠᠭᠠᠬᠤ ᠠᠵᠢᠯ ᠢᠶᠠᠨ ᠦᠷᠨᠢᠬᠦᠯᠦᠭᠰᠡᠨ ᠪᠠᠶᠢᠨ᠎ᠠ᠃ ᠬᠠᠤᠯᠢ ᠬᠡᠷᠡᠭᠵᠢᠭᠦᠯᠬᠦ ᠠᠵᠢᠯᠳᠠᠳ ᠲᠣᠭᠲᠠᠭᠰᠠᠨ ᠴᠡᠭ ᠲᠣᠭᠲᠠᠭᠰᠠᠨ ᠴᠠᠭ ᠦᠭᠡᠢ ᠲᠣᠭᠤᠷᠢᠨ ᠪᠠᠶᠢᠴᠠᠭᠠᠬᠤ ᠠᠷᠭ᠎ᠠ ᠠᠪᠴᠤ ᠂ ᠪᠠᠶᠢᠴᠠᠭᠠᠬᠤ ᠳᠠᠪᠲᠠᠮᠵᠢ ᠪᠠ ᠨᠢᠭᠲᠠᠴᠠ ᠶᠢ ᠨᠡᠮᠡᠭᠳᠡᠭᠦᠯᠦᠨ᠂ ᠪᠠᠶᠢᠴᠠᠭᠠᠯᠳᠠ ᠶᠢᠨ ᠲᠡᠮᠳᠡᠭᠯᠡᠯ ᠢ ᠨᠠᠷᠢᠨ ᠨᠢᠮᠪᠠᠢ ᠬᠢᠵᠦ᠂ ᠲᠣᠭᠤᠷᠢᠨ ᠪᠠᠶᠢᠴᠠᠭᠠᠬᠤ ᠠᠵᠢᠯ ᠤᠨ ᠥᠨᠴᠥᠭ ᠪᠤᠯᠤᠩ ᠦᠯᠡᠳᠡᠯ ᠦᠭᠡᠢ ᠨᠡᠶᠢᠳᠡᠮ ᠪᠦᠷᠬᠦᠬᠦ ᠶᠢ ᠦᠨᠡᠨᠬᠦ ᠪᠠᠲᠤᠯᠠᠵᠤ᠂ ᠡᠷᠴᠢ ᠬᠦᠴᠦᠲᠡᠢ ᠠᠷᠭ᠎ᠠ ᠬᠡᠮᠵᠢᠶ᠎ᠡ ᠪᠠᠷ ᠪᠡᠯᠴᠢᠭᠡᠷ ᠰᠡᠷᠬᠦᠬᠡᠯᠳᠡ ᠪᠠ ᠠᠮᠢ ᠠᠬᠤᠢ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠬᠦᠯᠬᠦ ᠪᠠᠷ ᠴᠢᠷᠮᠠᠶᠢᠵᠠᠢ᠃ ᠠᠵᠢᠯᠳᠠᠳ ᠪᠠᠰᠠ ᠮᠠᠯᠴᠢᠨ ᠡᠷᠦᠬᠡ ᠳᠤ ᠭᠦᠨᠵᠡᠭᠡᠶᠢᠷᠡᠵᠦ᠂ ᠪᠡᠯᠴᠢᠭᠡᠷ ᠰᠡᠷᠬᠦᠬᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠬᠠᠤᠯᠢ  ᠲᠦᠷᠢᠮ ᠢ ᠤᠬᠠᠭᠤᠯᠤᠨ᠂ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠠᠰᠢᠶᠠᠯᠠᠭ᠎ᠠ ᠶᠢ ᠴᠢᠨᠠᠷᠯᠢᠭ ᠰᠠᠶᠢᠨ ᠬᠢᠯᠭᠡᠵᠦ  ᠪᠤᠢ᠃              ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶᠠᠨ ᠤ ᠳᠠᠷᠤᠭ᠎ᠠ ᠪᠠᠶᠠᠷ᠄  ︽45 ᠡᠳᠦᠷ ᠤᠨ ᠬᠠᠰᠢᠶᠠᠯᠠᠭ᠎ᠠ ᠶᠢᠨ ᠬᠤᠭᠤᠴᠠᠭᠠᠨ ᠳᠤ ᠮᠠᠨ ᠤ ᠲᠣᠪᠴᠢᠶ᠎ᠠ ᠨᠢ ᠲᠣᠭᠤᠷᠢᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ ᠂ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ ᠪᠠᠶᠢᠭᠠᠳ᠂  ᠬᠠᠪᠤᠷ ᠤᠨ ᠬᠠᠰᠢᠶᠠᠯᠠᠭ᠎ᠠ ᠶᠢᠨ ᠡᠮᠬᠢ ᠳᠢᠭᠯᠢᠮ ᠲᠠᠢ ᠶᠠᠪᠤᠭᠳᠠᠬᠤ ᠶᠢ ᠠᠬᠢᠭᠤᠯᠵᠤ᠂ ᠪᠡᠯᠴᠢᠭᠡᠷ ᠰᠡᠷᠬᠦᠬᠡᠬᠦ ᠠᠵᠢᠯ ᠤᠨ ᠰᠠᠶᠢᠨ ᠦᠷ᠎ᠡ ᠪᠦᠲᠦᠮᠵᠢ ᠣᠯᠬᠤ ᠶᠢ ᠪᠠᠲᠤᠯᠠᠨ᠎ᠠ︾
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号