ᠥᠷᠭᠡᠨ ᠣᠯᠠᠨ ᠰᠠᠭᠤᠭᠠᠯᠢ ᠠᠷᠠᠳ ᠤᠨ ᠲᠠᠷᠢᠯᠭ᠎ᠠ ᠬᠢᠯᠭᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠮᠠᠨ ᠤ | ᠬᠤᠰᠢᠭᠤ ᠨᠢ 4 ᠰᠠᠷ᠎ᠠ ᠶᠢᠨ 13 ᠤ ᠡᠳᠦᠷ ᠠᠴᠠ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶᠠᠨ ᠤ ᠲᠠᠷᠢᠯᠭ᠎ᠠ ᠶᠢᠨ ᠴᠡᠭ ᠢ ᠲᠠᠬᠢᠵᠤ ᠠᠵᠢᠯᠯᠠᠭᠤᠯᠬᠤ ᠪᠠᠷ ᠪᠤᠯᠵᠠᠢ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠮᠡᠳᠡᠭᠳᠡᠰᠦᠬᠡᠢ᠄ | ᠨᠢᠭᠡ᠂ ᠲᠠᠷᠢᠯᠭ᠎ᠠ ᠬᠢᠬᠦ ᠨᠢᠭᠤᠷᠯᠠᠯ᠄ | ᠨᠢᠬᠡᠳᠦᠭᠡᠷ ᠲᠠᠷᠢᠯᠭ᠎ᠠ ᠪᠠᠨ ᠬᠢᠭᠰᠡᠨ ᠦᠭᠡᠢ ᠬᠥᠮᠥᠰ︔ ᠨᠢᠭᠡᠳᠦᠭᠡᠷ ᠲᠠᠷᠢᠯᠭ᠎ᠠ ᠪᠠᠨ ᠬᠢᠯᠭᠡᠭᠡᠳ ᠪᠦᠬᠦᠯᠢ 21 | ᠡᠳᠦᠷ ᠪᠤᠯᠤᠭᠰᠠᠨ ᠬᠤᠶᠠᠳᠤᠭᠠᠷ ᠲᠠᠷᠢᠯᠭ᠎ᠠ ᠪᠠᠨ ᠬᠢᠯᠬᠡᠬᠦ ᠴᠢᠬᠤᠯᠠᠲᠠᠢ ᠬᠥᠮᠥᠰ︔ ᠬᠤᠶᠠᠳᠤᠭᠠᠷ ᠲᠠᠷᠢᠯᠭ᠎ᠠ ᠪᠠᠨ | ᠬᠢᠯᠭᠡᠭᠡᠳ ᠪᠦᠬᠦᠯᠢ 6 ᠰᠠᠷ᠎ᠠ ᠪᠤᠯᠤᠭᠰᠠᠨ ᠭᠤᠷᠪᠠᠳᠤᠭᠠᠷ ᠲᠠᠷᠢᠯᠭ᠎ᠠ ᠪᠠᠨ ᠬᠢᠯᠬᠡᠬᠦ ᠴᠢᠬᠤᠯᠠᠳᠠᠢ ᠬᠥᠮᠥᠰ᠃ | ᠬᠤᠶᠠᠷ᠂ ᠲᠠᠷᠢᠯᠭ᠎ᠠ ᠬᠢᠬᠦ ᠭᠠᠵᠠᠷ ᠪᠠ ᠴᠠᠭ᠄ | ᠪᠤᠤᠴᠠᠩ ᠪᠠᠯᠭᠠᠰᠤ᠄ ᠦ᠋ ᠮᠢᠶᠠᠨ ᠵᠢᠩ ᠡᠷᠡᠭᠦᠯ ᠬᠠᠮᠠᠭᠠᠯᠠᠯ ᠤᠨ ᠬᠤᠷᠢᠶ᠎ᠠ᠂ ᠲᠧᠦ ᡁᠢ ᠵᠢᠶᠠᠨ ᠡᠷᠡᠭᠦᠯ | ᠬᠠᠮᠠᠭᠠᠯᠠᠯ ᠤᠨ ᠬᠤᠷᠢᠶ᠎ᠠ᠂ ᠶᠦᠩ ᠹᠧᠩ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠩ ᠱᠧᠩ ᠡᠷᠡᠭᠦᠯ ᠬᠠᠮᠠᠭᠠᠯᠠᠯ ᠤᠨ | ᠬᠤᠷᠢᠶ᠎ᠠ᠃ | ᠬᠤᠩ ᠴᠢ ᠪᠠᠯᠭᠠᠰᠤ᠄ ᠦ᠋ ᠮᠢᠶᠠᠨ ᠵᠢᠩ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠩ ᠴᠢ ᠡᠷᠡᠭᠦᠯ | ᠬᠠᠮᠠᠭᠠᠯᠠᠯ ᠤᠨ ᠬᠤᠷᠢᠶ᠎ᠠ᠂ ᠲᠧᠦ ᡁᠢ ᠵᠢᠶᠠᠨ ᠡᠷᠡᠭᠦᠯ ᠬᠠᠮᠠᠭᠠᠯᠠᠯ ᠤᠨ ᠬᠤᠷᠢᠶ᠎ᠠ᠃ | ᠴᠢᠶᠠᠨ ᠶᠢᠨ ᠭᠧᠦ ᠪᠠᠯᠭᠠᠰᠤ᠄ ᠴᠢᠶᠠᠨ ᠶᠢᠨ ᠭᠧᠦ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠩ ᠱᠧᠩ ᠡᠷᠡᠭᠦᠯ | ᠬᠠᠮᠠᠭᠠᠯᠠᠯ ᠤᠨ ᠬᠤᠷᠢᠶ᠎ᠠ᠂ ᠶᠦᠩ ᠹᠧᠩ ᠡᠷᠡᠭᠦᠯ ᠬᠠᠮᠠᠭᠠᠯᠠᠯ ᠤᠨ ᠬᠤᠷᠢᠶ᠎ᠠ᠃ | ᠯᠦᠸᠧ ᠲᠦᠸᠧ ᠱᠠᠨ ᠪᠠᠯᠭᠠᠰᠤ᠄ ᠯᠦᠸᠧ ᠲᠦᠸᠧ ᠱᠠᠨ ᠡᠷᠡᠭᠦᠯ ᠬᠠᠮᠠᠭᠠᠯᠠᠯ ᠤᠨ ᠬᠤᠷᠢᠶ᠎ᠠ᠂ ᠵᠦᠩ ᠾᠧ | ᠡᠷᠡᠭᠦᠯ ᠬᠠᠮᠠᠭᠠᠯᠠᠯ ᠤᠨ ᠬᠤᠷᠢᠶ᠎ᠠ᠃ | ᠰᠢᠩ ᠹᠦ᠋ ᠰᠢᠶᠠᠩ ᠄ ᠰᠢᠩ ᠹᠦ᠋ ᠡᠷᠡᠭᠦᠯ ᠬᠠᠮᠠᠭᠠᠯᠠᠯ ᠤᠨ ᠬᠤᠷᠢᠶ᠎ᠠ᠃ | ᠬᠦᠨᠪᠤᠯᠠᠭ ᠰᠤᠮᠤ᠄ ᠬᠦᠨᠪᠤᠯᠠᠭ ᠡᠷᠡᠭᠦᠯ ᠬᠠᠮᠠᠭᠠᠯᠠᠯ ᠤᠨ ᠬᠤᠷᠢᠶ᠎ᠠ᠃ | ᠶᠦᠩ ᠹᠧᠩ ᠪᠠᠯᠭᠠᠰᠤ᠄ ᠶᠦᠩ ᠹᠧᠩ ᠡᠷᠡᠭᠦᠯ ᠬᠠᠮᠠᠭᠠᠯᠠᠯ ᠤᠨ ᠬᠤᠷᠢᠶ᠎ᠠ᠂ ᠲᠧᠦ ᡁᠢ ᠵᠢᠶᠠᠨ ᠡᠷᠡᠭᠦᠯ | ᠬᠠᠮᠠᠭᠠᠯᠠᠯ ᠤᠨ ᠬᠤᠷᠢᠶ᠎ᠠ᠃ | ᠰᠤᠮᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶᠠᠨ ᠤ ᠲᠠᠷᠢᠯᠭ᠎ᠠ ᠬᠢᠬᠦ ᠴᠠᠭ ᠨᠢ ᠦᠳᠡ ᠶᠢᠨ | ᠡᠮᠦᠨ᠎ᠡ 8᠄ 00 ︱ 11᠄ 30᠂ ᠦᠳᠡ ᠶᠢᠨ ᠬᠤᠶᠢᠨ᠎ᠠ 14᠄ 00 ︱ 17᠄ 00᠃ | ᠬᠤᠰᠢᠭᠤ ᠡᠮᠨᠡᠯᠭᠡ ᠶᠢᠨ ᠬᠤᠷᠢᠶᠠᠨ ᠤ ᠲᠠᠷᠢᠯᠭ᠎ᠠ ᠶᠢᠨ ᠴᠠᠭ᠄ ᠦᠳᠡ ᠶᠢᠨ ᠡᠮᠦᠨ᠎ᠡ 8᠄ 30 ︱ 11᠄ | 30᠂ ᠦᠳᠡ ᠶᠢᠨ ᠬᠤᠶᠢᠨ᠎ᠠ 14᠄ 30 ︱ 17᠄ 00᠃ | ᠭᠤᠷᠪᠠ᠂ ᠠᠩᠬᠠᠷᠬᠤ ᠵᠦᠢᠯ | ᠲᠠᠷᠢᠯᠭ᠎ᠠ ᠬᠢᠯᠭᠡᠬᠦ ᠬᠥᠮᠥᠰ ᠪᠠ ᠲᠠᠷᠢᠯᠭ᠎ᠠ ᠬᠢᠬᠦ ᠴᠠᠭ ᠬᠤᠭᠤᠴᠠᠭ᠎ᠠ ᠶᠢ ᠡᠯ᠎ᠡ ᠰᠤᠮᠤ ᠰᠢᠶᠠᠩ ᠪᠠᠯᠭᠠᠰᠤᠨ ᠤ | ᠵᠠᠰᠠᠭ ᠤᠨ ᠣᠷᠳᠣᠨ ᠤ ᠮᠡᠳᠡᠭᠳᠡᠯ ᠢᠶᠠᠷ ᠪᠠᠷᠢᠮᠵᠢᠶ᠎ᠠ ᠪᠤᠯᠭᠠᠨ᠎ᠠ᠃ ᠲᠠᠷᠢᠯᠭ᠎ᠠ ᠬᠢᠯᠬᠡᠬᠦ ᠳᠡᠭᠡᠨ ᠪᠡᠶ᠎ᠡ ᠶᠢᠨ ᠦᠨᠡᠮᠯᠡᠯ | ᠪᠤᠯᠤᠨ ᠲᠠᠷᠢᠯᠭ᠎ᠠ ᠶᠢᠨ ᠭᠡᠷᠡᠴᠢ ᠪᠠᠷᠢᠮᠲᠠ ᠪᠠᠨ ᠠᠪᠴᠤ᠂ ᠪᠦᠬᠦ ᠶᠠᠪᠤᠴᠠ ᠳᠤ ᠠᠮᠠᠪᠴᠢ ᠵᠡᠭᠦᠵᠦ᠂ ᠨᠢᠭᠡ | ᠮᠧᠲᠷ ᠤᠨ ᠠᠶᠤᠯᠬᠦᠢ ᠵᠠᠢ ᠶᠢ ᠪᠠᠲᠤᠯᠠᠨ᠂ ᠠᠬᠤᠢ ᠲᠠᠯᠠᠪᠠᠢ ᠶᠢᠨ ᠡᠮᠬᠢ ᠵᠢᠷᠤᠮ ᠢ ᠰᠠᠬᠢᠬᠤ ᠬᠡᠷᠡᠭᠲᠡᠢ᠃ ᠡᠯ᠎ᠡ | ᠰᠤᠮᠤ ᠰᠢᠶᠠᠩ ᠪᠠᠯᠭᠠᠰᠤ ᠨᠢ ᠤᠬᠠᠭᠤᠯᠤᠨ ᠳᠠᠶᠢᠴᠢᠯᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠠᠷᠠᠳ | ᠢᠷᠭᠡᠳ ᠢ ᠵᠢᠯᠤᠭᠤᠳᠤᠨ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠵᠤᠬᠢᠶᠠᠨ ᠪᠠᠶᠢᠭᠤᠯᠵᠤ ᠶᠠᠪᠤᠭᠳᠠᠭᠤᠯᠬᠤ | ᠬᠡᠷᠡᠭᠲᠡᠢ᠃ | | ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ | 2022 ᠣᠨ ᠤ 4 ᠰᠠᠷ᠎ᠠ ᠶᠢᠨ 12 ᠤᠨ ᠡᠳᠦᠷ |