ᠠᠵᠢᠯ ᠤᠨ ᠪᠠᠶᠢᠷᠢ ᠳᠤ ᠭᠠᠷᠬᠤ ︽ᠠᠩᠬᠠᠨ ᠤ ᠬᠢᠴᠢᠶᠡᠯ︾  ᠢ ᠰᠠᠶᠢᠨ ᠤᠷᠤᠨᠠᠮ
ᠨᠡᠶᠢᠲᠡᠯᠡᠭᠰᠡᠨ ᠴᠠᠭ᠄
2022/4/14
4 ᠰᠠᠷ᠎ᠠ ᠶᠢᠨ 13 ᠤ ᠡᠳᠦᠷ ᠂ ᠲᠠᠶᠢᠹᠤᠰᠧ ᠬᠤᠰᠢᠭᠤ 2021 ᠣᠨ ᠤ  ᠰᠢᠨ᠎ᠡ ᠪᠠᠷ ᠰᠢᠯᠭᠠᠨ ᠡᠯᠰᠡᠭᠰᠡᠨ ᠠᠯᠪᠠᠲᠠᠨ ᠤ ᠪᠣᠯᠪᠠᠰᠤᠷᠠᠯ ᠤᠨ ᠠᠩᠭᠢ ᠬᠤᠰᠢᠭᠤᠨ ᠤ ᠨᠠᠮ ᠤᠨ ᠰᠤᠷᠭᠠᠭᠤᠯᠢ ᠳᠤ ᠵᠢᠩᠬᠢᠨᠢ ᠪᠠᠷ ᠰᠤᠷᠤᠯᠭ᠎ᠠ ᠡᠬᠢᠯᠡᠵᠦ ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠯᠢ ᠴᠦᠨ ᠭᠤᠸᠠᠩ ᠶᠠᠷᠢᠶᠠᠨ ᠳᠠᠭᠠᠨ᠂  ᠠᠵᠢᠯ ᠳᠤ ᠭᠠᠷᠬᠤ ᠪᠣᠯᠪᠠᠰᠤᠷᠠᠯ ᠪᠣᠯ ︽ᠠᠯᠪᠠᠲᠠᠨ ᠤ ᠬᠠᠤᠯᠢ︾ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ᠂ ᠰᠢᠨ᠎ᠡ ᠪᠠᠷ ᠡᠯᠰᠡᠭᠰᠡᠨ ᠠᠯᠪᠠᠲᠠᠨ ᠤ ᠪᠠᠶᠢᠭᠤᠯᠭ᠎ᠠ ᠶᠢᠨ ᠠᠯᠪᠠᠨ ᠠᠵᠢᠯ ᠳᠤ ᠲᠦᠷᠭᠡᠨ ᠵᠤᠬᠢᠴᠠᠬᠤ   ᠶᠢ ᠠᠬᠢᠭᠤᠯᠬᠤ ᠪᠦᠲᠦᠮᠵᠢᠲᠡᠶ ᠠᠷᠭ᠎ᠠ ᠬᠡᠯᠪᠡᠷᠢ᠂ ᠨᠠᠩ ᠴᠤ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠨᠠᠶᠢᠳᠠᠪᠤᠷᠢᠵᠢᠭᠤᠯᠬᠤ ᠪᠣᠳᠠᠲᠠᠢ ᠱᠠᠭᠠᠷᠳᠠᠯᠭ᠎ᠠ ᠪᠠᠶᠢᠵᠤ᠂ ᠨᠢᠭᠡᠨ ᠥᠨᠳᠥᠷ ᠬᠡᠪ ᠪᠣᠯᠪᠠᠰᠤᠷᠠᠯ ᠲᠠᠢ ᠠᠯᠪᠠᠲᠠᠨ ᠤ ᠡᠩᠨᠡᠭᠡ ᠶᠢ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃  ᠰᠢᠨ᠎ᠡ ᠡᠯᠰᠡᠭᠳᠡᠭᠰᠡᠨ ᠠᠯᠪᠠᠳᠠᠳ ᠡᠷᠭᠡᠪᠰᠢ ᠤᠬᠠᠮᠰᠠᠷ ᠠᠴᠠ ᠪᠠᠨ ᠰᠤᠷᠤᠯᠴᠠᠯᠭ᠎ᠠ ᠶᠢ ᠴᠢᠩᠭᠠᠳᠬᠠᠨ᠂  ᠬᠢᠴᠢᠶᠡᠯ ᠪᠣᠯᠪᠠᠰᠤᠷᠠᠯ ᠤᠨ ᠠᠭᠤᠯᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂  ᠰᠡᠳᠬᠢᠮᠵᠢ ᠲᠠᠢ ᠰᠤᠷᠤᠯᠴᠠᠬᠤ  ᠂ ᠤᠶᠢᠯᠠᠭᠠᠯᠳᠠ ᠲᠠᠢ ᠰᠤᠷᠤᠯᠴᠠᠬᠤ᠂ ᠣᠯᠣᠯᠲᠠ ᠲᠠᠢ ᠰᠤᠷᠤᠯᠴᠠᠬᠤ ᠶᠢ ᠪᠡᠶᠡᠯᠡᠬᠦᠯᠦᠨ᠂  ᠠᠵᠢᠯ ᠳᠤ ᠭᠠᠷᠬᠤ ᠪᠣᠯᠪᠠᠰᠤᠷᠠᠯ ᠢ ᠢᠲᠡᠭᠡᠯ ᠵᠣᠷᠢᠭ ᠢᠶᠠᠨ ᠪᠠᠲᠤᠳᠬᠠᠬᠤ ︽ᠴᠠᠭ ᠤᠨ ᠬᠤᠷ᠎ᠠ︾᠂ ᠬᠢᠷᠢ ᠴᠢᠳᠠᠪᠤᠷᠢ ᠪᠠᠨ ᠳᠡᠭᠡᠭᠰᠢᠯᠡᠭᠦᠯᠬᠦ ︽ᠲᠣᠰᠣ ᠨᠡᠮᠡᠬᠦ ᠦᠷᠳᠡᠭᠡ︾ ᠪᠣᠯᠭᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂  ᠬᠢᠷᠢ ᠴᠢᠳᠠᠪᠤᠷᠢ ᠪᠠᠨ ᠲᠡᠭᠡᠭᠰᠢᠯᠡᠬᠦᠯᠦᠨ᠂ ᠤᠯᠤᠰ ᠲᠦᠷᠦ ᠶᠢᠨ ᠬᠡᠪ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠬᠤᠯᠠᠴᠢᠯᠠᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠨᠡᠮᠡᠭᠳᠡᠬᠦᠯᠬᠦ ᠬᠡᠷᠡᠭᠲᠡᠢ᠃ ᠨᠠᠰᠤᠨ ᠲᠤᠷᠰᠢᠲᠠ ᠰᠤᠷᠤᠯᠴᠠᠬᠤ ᠣᠶᠢᠯᠠᠭᠠᠭᠳᠠᠬᠤᠨ ᠢ ᠪᠤᠢ ᠪᠣᠯᠭᠠᠵᠤ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠴᠠᠭ ᠢᠮᠠᠭᠲᠠ ᠬᠠᠳᠠᠭᠠᠯᠠᠨ᠂  ᠴᠠᠭ ᠦᠶ᠎ᠡ ᠶᠢᠨ ᠬᠥᠭᠵᠢᠯᠲᠡ ᠳᠤ ᠳᠠᠰᠤᠷᠠᠯᠳᠠ ᠦᠭᠡᠢ  ᠵᠤᠬᠢᠴᠠᠬᠤ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ ᠰᠤᠷᠤᠯᠭ᠎ᠠ ᠡᠬᠢᠯᠡᠬᠦ ᠶᠣᠰᠣᠯᠠᠯ ᠲᠡᠭᠦᠰᠦᠭᠰᠡᠨ ᠤ ᠳᠠᠷᠠᠭ᠎ᠠ᠂   ᠨᠠᠮ ᠤᠨ ᠰᠤᠷᠭᠠᠭᠤᠯᠢ ᠶᠢᠨ ᠪᠠᠭᠰᠢ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ︽ᠠᠩᠬᠠᠨ ᠤ ᠬᠢᠴᠢᠶᠡᠯ︾ ᠪᠣᠯᠭᠠᠵᠤ᠂ ᠰᠢᠨ᠎ᠡ ᠪᠠᠷ ᠰᠢᠯᠭᠠᠨ ᠡᠯᠰᠡᠭᠳᠡᠭᠰᠡᠨ 67 ᠨᠡᠷ᠎ᠡ ᠠᠯᠪᠠᠲᠠᠨ ᠳᠤ ᠬᠢᠴᠢᠶᠡᠯ ᠤᠷᠤᠵᠠᠢ᠃ ᠡᠨᠡ ᠤᠳᠠᠭᠠᠨ ᠤ ᠪᠣᠯᠪᠠᠰᠤᠷᠠᠯ ᠨᠢ 8 ᠡᠳᠦᠷ  ᠶᠠᠪᠤᠭᠳᠠᠵᠤ᠂ ᠬᠦᠰᠡᠯᠡᠩ ᠢᠲᠡᠭᠡᠯ ᠵᠣᠷᠢᠭ ᠤᠨ ᠬᠥᠮᠦᠵᠢᠯ᠂ ᠦᠵᠡᠯ ᠤᠬᠠᠮᠰᠠᠷ ᠤᠨ ᠬᠡᠯᠪᠡᠷᠢ ᠶᠢᠨ ᠬᠥᠮᠦᠵᠢᠯ᠂  ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ᠂  ᠴᠢᠬᠡᠴᠢ ᠵᠠᠰᠠᠭ ᠤᠨ ᠬᠥᠮᠦᠵᠢᠯ ᠵᠡᠷᠭᠡ ᠪᠠᠷ ᠭᠤᠤᠯ ᠪᠤᠯᠭᠠᠨ᠂ ᠪᠥᠬᠦ ᠣᠷᠣᠨ ᠤ ︽ᠠᠷᠠᠳ ᠲᠤ ᠲᠠᠭᠠᠰᠢᠶᠠᠭᠳᠠᠭᠰᠠᠨ ᠠᠯᠪᠠᠲᠠᠨ︾ ᠤ ᠮᠡᠳᠡᠭᠦᠯᠦᠯᠲᠡ ᠶᠢ ᠰᠤᠨᠤᠰᠬᠤ᠂ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ᠂ ᠦᠨᠳᠦᠰᠦᠨ ᠬᠠᠤᠯᠢ ᠳᠤ ᠲᠠᠩᠭᠠᠷᠢᠭᠯᠠᠬᠤ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠬᠢᠬᠦ᠂  ᠬᠠᠮᠳᠤ ᠪᠠᠷ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠠᠯᠪᠠᠳᠠᠳ ᠢ ᠬᠠᠪᠰᠤᠷᠤᠨ ᠢᠲᠡᠭᠡᠯ ᠪᠢᠰᠢᠷᠡᠯ ᠤᠨ ᠰᠠᠭᠤᠷᠢ᠂ ᠠᠷᠢᠭᠤᠨ ᠴᠢᠬᠡᠴᠢ ᠶᠢᠨ ᠰᠠᠭᠤᠷᠢ᠂ ᠬᠢᠷᠢ ᠴᠢᠳᠠᠪᠤᠷᠢ  ᠶᠢᠨ ᠰᠠᠭᠤᠷᠢ ᠶᠢ ᠨᠢ ᠪᠠᠲᠤᠳᠬᠠᠵᠤ᠂ ᠠᠵᠢᠯ  ᠦᠢᠯᠡᠰ   ᠤᠨ ᠬᠢᠨᠢ ᠠᠩᠬᠠᠨ ᠤ  ᠭᠠᠷᠤᠭ᠎ᠠ ᠶᠢ ᠰᠠᠶᠢᠲᠤᠷ  ᠠᠯᠬᠤᠭᠤᠯᠬᠤ   ᠪᠠᠷ ᠵᠤᠷᠢᠯᠭ᠎ᠠ ᠪᠤᠯᠭᠠᠵᠠᠢ᠃     ᠰᠢᠨ᠎ᠡ ᠪᠠᠷ ᠡᠯᠰᠡᠭᠳᠡᠭᠰᠡᠨ ᠠᠯᠪᠠᠲᠠᠨ ᠭᠤᠤ ᠶᠤᠸᠠᠨ᠄ ︽ ᠡᠨᠡ ᠤᠳᠠᠭᠠᠨ ᠤ ᠬᠢᠴᠢᠶᠡᠯ ᠪᠣᠯᠪᠠᠰᠤᠷᠠᠯ ᠨᠢ ᠪᠢᠳᠡᠨ ᠳᠤ ᠠᠪᠴᠤ ᠬᠡᠯᠡᠪᠡᠯ ︽ᠴᠠᠭ ᠤᠨ ᠬᠤᠷ᠎ᠠ︾  ᠪᠤᠯᠬᠤ ᠨᠢ ᠲᠠᠮᠵᠢᠭ ᠦᠬᠡᠢ᠂  ᠪᠢᠳᠡ ᠡᠷᠭᠡᠪᠰᠢ ᠠᠷᠠᠳ ᠲᠦᠮᠡᠨ ᠳᠤ ᠦᠢᠯᠡᠴᠢᠯᠡᠬᠦ ᠠᠯᠪᠠᠨ ᠵᠠᠷᠤᠴᠠ ᠶᠢᠨ ᠤᠬᠠᠮᠰᠠᠷ ᠢ ᠪᠤᠢ ᠪᠤᠯᠭᠠᠨ᠂ ᠦᠨᠡᠨᠴᠢ ᠰᠢᠳᠤᠷᠭᠤ᠂  ᠠᠷᠢᠭᠤᠨ ᠴᠢᠭᠡᠴᠢ᠂ ᠬᠠᠷᠢᠭᠤᠴᠠᠯᠭ᠎ᠠ ᠡᠭᠦᠷᠭᠡᠯᠡᠳᠡᠭ ᠠᠯᠪᠠᠨ ᠲᠤᠰᠢᠶᠠᠯᠲᠠᠨ ᠪᠣᠯᠵᠤ᠂ ᠡᠬᠡ ᠤᠯᠤᠰ ᠲᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠬᠡᠷᠡᠭᠲᠡᠢ᠃  ᠮᠢᠨᠦ  ᠪᠡᠶ᠎ᠡ ᠪᠠᠷ᠂ ᠡᠨᠡ ᠤᠳᠠᠭᠠᠨ ᠤ ᠠᠵᠠ ᠲᠣᠬᠢᠶᠠᠯ ᠢ ᠡᠷᠬᠢᠮᠨᠡᠨ ᠨᠠᠨᠳᠢᠩᠨᠠᠵᠤ᠂  ᠰᠤᠷᠴᠤ ᠡᠵᠡᠮᠰᠢᠭᠰᠡᠨ ᠢᠶᠠᠨ ᠠᠵᠢᠯ ᠦᠢᠯᠡᠳᠦᠯᠭᠡ ᠶᠢᠨ ᠳᠤᠮᠳᠠ ᠪᠠᠨ ᠬᠡᠷᠡᠭᠯᠡᠵᠦ᠂ ᠲᠠᠶᠢᠹᠤᠰᠧ ᠬᠤᠰᠢᠭᠤᠨ ᠤ ᠬᠥᠭᠵᠢᠯᠲᠡ ᠴᠤᠭᠴᠠᠯᠠᠯᠳᠠ ᠳᠤ ᠥᠪᠡᠷ ᠤᠨ ᠬᠦᠴᠦᠨ ᠴᠢᠳᠠᠯ ᠢᠶᠠᠨ ᠡᠷᠬᠦᠬᠦ ᠪᠠᠷ ᠴᠢᠷᠮᠠᠶᠢᠨ᠎ᠠ  ︾᠃     ᠰᠢᠨ᠎ᠡ ᠪᠠᠷ  ᠡᠯᠰᠡᠭᠳᠡᠭᠰᠡᠨ ᠠᠯᠪᠠᠲᠠᠨ ᠰᠦᠨ ᠴᠢᠶᠠᠩ᠄  ︽ ᠡᠨᠡ ᠤᠳᠠᠭᠠᠨ ᠤ ᠪᠣᠯᠪᠠᠰᠤᠷᠠᠯ ᠨᠢ ᠪᠢᠳᠡᠨ ᠳᠤ ᠮᠠᠰᠢ ᠰᠠᠶᠢᠨ ᠰᠤᠷᠤᠯᠴᠠᠯᠭ᠎ᠠ ᠶᠢᠨ ᠲᠠᠪᠴᠠᠩ ᠢ ᠬᠠᠩᠭᠠᠵᠤ  ᠂ ᠮᠠᠰᠢ ᠤᠯᠠᠨ ᠡᠷᠬᠢᠮ ᠨᠠᠨᠳᠢᠨ ᠠᠷᠭ᠎ᠠ ᠲᠤᠷᠰᠢᠯᠭ᠎ᠠ  ᠶᠢ    ᠦᠪᠯᠡᠬᠦᠯᠦᠭᠰᠡᠨ ᠪᠠᠶᠢᠨ᠎ᠠ᠃ ᠡᠶᠢᠮᠦ ᠠᠴᠠ ᠪᠢᠳᠡ ᠡᠷᠭᠡᠪᠰᠢ ᠡᠨᠡ ᠤᠳᠠᠭᠠᠨ ᠤ ᠠᠵᠠ ᠲᠣᠬᠢᠶᠠᠯ ᠢ ᠨᠠᠨᠳᠢᠩᠨᠠᠵᠤ᠂ ᠰᠣᠷᠣᠭᠰᠠᠨ ᠮᠡᠳᠡᠯᠭᠡ ᠪᠠᠨ ᠬᠤᠶᠢᠰᠢᠳᠠ ᠶᠢᠨ ᠠᠵᠢᠯ ᠳᠠᠭᠠᠨ ᠠᠭᠤᠰᠬᠠᠨ᠂ ᠥᠪᠡᠷ ᠤᠨ ᠠᠵᠢᠯ ᠤᠨ ᠪᠠᠶᠢᠷᠢ ᠳᠠᠭᠠᠨ  ᠰᠠᠭᠤᠷᠢᠯᠠᠵᠤ᠂ ᠲᠠᠶᠢᠹᠤᠰᠧ ᠬᠤᠰᠢᠭᠤᠨ ᠤ ᠪᠠᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠦᠪᠡᠷ ᠥᠪᠡᠷ ᠤᠨ ᠬᠤᠪᠢ ᠨᠡᠮᠡᠷᠢ ᠪᠠᠨ ᠡᠷᠬᠦᠨ᠂ ᠠᠷᠠᠳ ᠲᠦᠮᠡᠨ ᠳᠤ ᠨᠡᠩ ᠰᠠᠶᠢᠨ ᠦᠢᠯᠡᠴᠢᠯᠡᠵᠦ᠂ ᠬᠢᠷᠢ ᠲᠡᠩᠴᠡᠭᠰᠡᠨ ᠠᠯᠪᠠᠨ ᠵᠠᠷᠤᠴᠠ ᠪᠣᠯᠬᠤ ᠪᠠᠷ ᠴᠢᠷᠮᠠᠶᠢᠬᠤ ᠬᠡᠷᠡᠭᠲᠡᠢ ᠪᠠᠶᠢᠭ᠎ᠠ  ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号