ᠨᠠᠰᠤᠨ ᠳᠤ ᠦᠯᠦ ᠬᠦᠷᠦᠭᠰᠡᠳ ᠢ ᠬᠠᠶᠢᠷᠠᠯᠠᠨ ᠬᠠᠯᠠᠮᠵᠢᠯᠠᠵᠤ  ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠤᠭᠴᠠᠯᠠᠨ᠎ᠠ
ᠨᠡᠶᠢᠲᠡᠯᠡᠭᠰᠡᠨ ᠴᠠᠭ᠄
2022/4/14
4 ᠰᠠᠷ᠎ᠠ ᠶᠢᠨ 12 ᠤᠨ ᠡᠳᠦᠷ᠂  ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ  ᠬᠤᠷᠢᠶ᠎ᠠ ᠨᠢ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠲᠠᠢ ᠬᠠᠮᠳᠤᠷᠠᠨ᠂  ᠲᠠᠶᠢᠹᠤᠰᠧ ᠬᠤᠰᠢᠭᠤᠨ ᠤ ᠨᠠᠰᠤᠨ ᠳᠤ ᠥᠯᠥ ᠬᠦᠷᠦᠭᠰᠡᠳ  ᠢ ᠬᠠᠤᠯᠢ   ᠪᠠᠷ ᠬᠠᠮᠠᠭᠠᠯᠠᠬᠤ ᠨᠡᠶᠢᠭᠡᠮ ᠤᠨ ᠳᠡᠮᠵᠢᠯᠭᠡ ᠶᠢᠨ ᠰᠢᠰᠲ᠋ᠧᠮᠵᠢ ᠶᠢᠨ ᠭᠤᠷᠪᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠥᠷᠥᠭᠰᠡᠳ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ   ᠤᠨ ᠭᠡᠷ ᠪᠦᠯᠢ ᠶᠢᠨ ᠬᠥᠮᠦᠵᠢᠯ   ᠢ ᠠᠬᠢᠭᠤᠯᠬᠤ ᠬᠠᠤᠯᠢ︾ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠰᠤᠨ ᠳᠤ ᠥᠯᠥ ᠬᠥᠷᠥᠭᠰᠡᠳ ᠢ ᠬᠠᠯᠠᠮᠵᠢᠯᠠᠨ ᠬᠠᠪᠰᠤᠷᠬᠤ ᠪᠠᠷ ᠭᠤᠣᠯ ᠰᠢᠵᠢᠮ ᠪᠣᠯᠭᠠᠨ᠂ ᠨᠠᠰᠤᠨ ᠳᠤ ᠥᠯᠥ ᠬᠥᠷᠥᠭᠰᠡᠳ ᠤᠨ ᠨᠡᠶᠢᠭᠡᠮ ᠤᠨ ᠳᠡᠮᠵᠢᠯᠭᠡ ᠶᠢᠨ ᠰᠢᠰᠲ᠋ᠧᠮᠵᠢ ᠶᠢᠨ ᠦᠢᠯᠡᠳᠦᠯ ᠴᠢᠳᠠᠮᠵᠢ ᠶᠢ ᠭᠦᠢᠴᠡᠳ ᠪᠠᠳᠠᠷᠠᠭᠤᠯᠤᠭᠰᠠᠨ ᠪᠠᠶᠢᠨ᠎ᠠ᠃ ᠬᠤᠷᠠᠯ ᠠᠴᠠ ᠨᠡᠶᠢᠲᠡ ᠶᠢᠨ ᠠᠰᠠᠷᠠᠮᠵᠢ ᠶᠢᠨ ᠬᠤᠯᠪᠤᠭᠠᠨ ᠤ ᠬᠠᠶᠢᠷ᠎ᠠ ᠬᠠᠯᠠᠮᠵᠢ ᠶᠢᠨ ᠨᠡᠶᠢᠭᠡᠮᠯᠢᠭ᠂  ︽ᠬᠤᠨ ᠭᠠᠯᠠᠭᠤ︾ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠬᠢᠨ ᠢ ᠣᠨᠴᠠᠭᠠᠶᠢᠯᠠᠨ ᠤᠷᠢᠵᠤ ᠬᠤᠷᠠᠯ ᠳᠤ ᠣᠷᠣᠯᠴᠠᠭᠤᠯᠪᠠ᠃ ᠬᠤᠷᠠᠯ  ᠲᠡᠭᠡᠷ᠎ᠡ᠂ ︽ᠨᠢᠭᠡᠳᠦᠭᠡᠷ ᠨᠣᠮᠧᠷᠲᠤ ᠪᠠᠶᠢᠴᠠᠭᠠᠬᠤ ᠰᠠᠨᠠᠭᠤᠯᠭ᠎ᠠ︾ ᠶᠢ ᠱᠠᠯᠠᠪᠳᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠠᠯᠪᠠᠳᠠᠯᠭ᠎ᠠ ᠪᠠᠷ ᠮᠡᠳᠡᠭᠦᠯᠬᠦ ᠳᠦᠷᠢᠮ ᠢ ᠲᠠᠨᠢᠯᠴᠠᠭᠤᠯᠵᠤ᠂  ᠲᠠᠶᠢᠹᠤᠰᠧ ᠬᠤᠰᠢᠭᠤᠨ ᠤ ︽ᠲᠦᠩ ᠰᠢᠨ ᠶᠤᠸᠠᠨ︾  ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ  ᠲᠦᠰᠦᠪ ᠢ ᠤᠩᠰᠢᠨ ᠨᠡᠶᠢᠳᠡᠯᠡᠵᠡᠢ  ᠃  ᠬᠤᠷᠠᠯ ᠠᠴᠠ᠂ ︽ᠨᠠᠰᠤᠨ ᠳᠤ ᠥᠯᠥ ᠭᠦᠷᠦᠭᠰᠡᠳ ᠲᠤ ᠬᠥᠮᠦᠵᠢᠯ ᠬᠢᠬᠦ ᠪᠣᠯ ᠨᠢᠭᠡ ᠲᠦᠷᠦᠯ ᠤᠨ ᠣᠷᠳᠣ ᠬᠤᠭᠤᠴᠠᠭᠠᠨ ᠤ ᠠᠵᠢᠯ ᠮᠥᠨ᠂  ᠡᠷᠭᠡᠪᠰᠢ ᠪᠠᠭ᠎ᠠ   ᠠᠴᠠ ᠡᠬᠢᠯᠡᠨ ᠬᠢᠵᠦ᠂ ᠰᠡᠳᠬᠢᠴᠡ ᠶᠢᠨ ᠵᠢᠯᠣᠭᠤᠳᠤᠯᠭ᠎ᠠ ᠶᠢ  ᠰᠠᠶᠢᠨ ᠬᠢᠬᠦ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠨ ᠬᠢᠬᠦ ᠬᠡᠷᠡᠭᠲᠡᠢ  ᠃ ᠡᠯ᠎ᠡ ᠰᠠᠯᠠᠭ᠎ᠠ ᠮᠥᠴᠢᠷ ᠤᠨ ᠳᠠᠪᠠᠭᠤᠯᠢᠭ ᠢ ᠠᠰᠢᠭᠯᠠᠨ᠂  ᠬᠠᠮᠳᠤᠷᠠᠯ ᠤᠨ ᠬᠦᠴᠦᠨ ᠢ ᠪᠣᠶ ᠪᠣᠯᠭᠠᠵᠤ᠂  ᠠᠪᠤᠷᠠᠨ ᠲᠤᠰᠠᠯᠠᠬᠤ ᠲᠠᠩᠰᠠ ᠡᠪᠬᠡᠮᠡᠯ ᠢ ᠪᠠᠶᠢᠭᠤᠯᠬᠤ ᠭᠡᠷᠡᠭᠳᠡᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ  ᠨᠢ ᠨᠡᠶᠢᠭᠡᠮ ᠲᠣᠭᠤᠷᠢᠭ ᠲᠤ ︽ᠬᠡᠦᠬᠡᠳ ᠪᠠᠭᠠᠴᠤᠳ ᠤᠨ ᠭᠡᠷ︾ ᠪᠠᠶᠢᠭᠤᠯᠵᠤ᠂ ᠲᠡᠨᠦᠭᠦᠯ ᠬᠡᠦᠬᠡᠳ᠂  ᠤᠢ ᠮᠡᠳᠡᠷᠡᠯ ᠤᠨ ᠰᠠᠭᠠᠳ ᠲᠠᠢ ᠬᠡᠦᠬᠡᠳ ᠢ ᠦᠯᠡᠳᠡᠭᠡᠨ ᠠᠪᠴᠤ᠂ ᠪᠥᠬᠦ ᠬᠤᠰᠢᠭᠤᠨ ᠤ ᠥᠨᠥᠴᠢᠨ ᠬᠡᠦᠬᠡᠳ ᠪᠠ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ ᠵᠤᠬᠢᠰᠳᠠᠢ ᠨᠥᠬᠦᠪᠦᠷᠢ ᠤᠯᠭᠤᠬᠤ ᠭᠡᠷᠡᠭᠳᠡᠢ᠃  ᠰᠠᠶᠢᠨ ᠲᠤᠷ᠎ᠠ  ᠶᠢᠨ ᠦᠢᠯᠡᠴᠢᠯᠡᠭᠡᠨ ᠤ ᠠᠩᠭᠢ ᠶᠢᠨ ᠦᠢᠯᠡᠳᠦᠯ ᠢ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠨ᠂ ᠤᠬᠠᠭᠤᠯᠭ᠎ᠠ ᠶᠢᠨ ᠠᠵᠢᠯ ᠢ ᠰᠠᠶᠢᠨ ᠬᠢᠬᠦ ᠬᠡᠷᠡᠭᠲᠡᠢ᠃ ᠨᠡᠶᠢᠲᠡ   ᠶᠢᠨ ᠠᠰᠠᠷᠠᠮᠵᠢ ᠪᠠᠷ ᠡᠭᠦᠷᠭᠡ  ᠪᠤᠯᠭᠠᠨ᠂ ᠯᠧᠢ ᠹᠧᠩ ᠤᠨ ᠵᠣᠷᠢᠭ ᠰᠠᠨᠠᠭ᠎ᠠ   ᠶᠢ ᠪᠠᠳᠠᠷᠠᠭᠤᠯᠵᠤ᠂ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ   ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠦᠷᠨᠢᠬᠦᠯᠦᠨ᠂ ᠨᠡᠶᠢᠭᠡᠮ ᠤᠨ ᠲᠠᠨᠢᠯᠲᠠ   ᠶᠢ ᠲᠡᠭᠡᠭᠰᠢᠯᠡᠬᠦᠯᠵᠦ᠂ ᠨᠡᠶᠢᠭᠡᠮ ᠤᠨ ᠬᠦᠴᠦᠨ ᠢ ᠲᠠᠶᠢᠴᠢᠯᠠᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠳᠤ ᠬᠠᠮᠲᠤ ᠪᠠᠷ ᠤᠷᠤᠯᠴᠠᠭᠤᠯᠬᠤ ᠭᠡᠷᠡᠭᠳᠡᠢ︾ ᠭᠡᠵᠦ  ᠵᠢᠭᠠᠨ ᠭᠠᠷᠭᠠᠵᠠᠢ  ᠃  ᠬᠤᠷᠠᠯ ᠲᠡᠭᠡᠷ᠎ᠡ᠂  ᠪᠠᠶᠢᠴᠠᠭᠠᠬᠤ  ᠬᠤᠷᠢᠶᠠᠨ ᠤ ᠪᠠᠶᠢᠴᠠᠭᠠᠭᠴᠢ ᠳᠠᠷᠤᠭ᠎ᠠ ᠨᠠᠷᠠᠰᠤ ᠠᠴᠠ᠂ ᠶᠡᠷᠦᠩᠬᠡᠢ ᠱᠦᠵᠢ ᠰᠢ ᠶᠢᠨ ᠫᠢᠩ ︽ᠵᠠᠯᠠᠭᠤᠴᠤᠳ ᠪᠠᠭᠠᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤ  ᠪᠥᠬᠦ ᠨᠡᠶᠢᠭᠡᠮ ᠢᠶᠠᠷ ᠢᠶᠠᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ︾ ᠭᠡᠵᠦ ᠬᠡᠯᠡᠵᠦ ᠥᠩᠭᠡᠷᠡᠭᠰᠡᠨ ᠶᠤᠮ᠃ ᠨᠠᠰᠤᠨ ᠳᠤ ᠥᠯᠥ ᠬᠦᠷᠦᠭᠰᠡᠳ ᠲᠤ ᠪᠢᠳᠡᠨ ᠤ  ᠬᠠᠶᠢᠷ᠎ᠠ ᠬᠠᠯᠠᠮᠵᠢ ᠪᠠ  ᠬᠠᠪᠰᠤᠷᠤᠯ ᠲᠡᠮᠵᠢᠯᠭᠡ ᠬᠡᠷᠡᠭᠲᠡᠢ ᠪᠠᠶᠢᠭ᠎ᠠ᠃  ᠬᠠᠮᠳᠤ ᠶᠢᠨ ᠬᠦᠴᠦᠨ ᠢᠶᠠᠷ ᠲᠠᠮᠵᠢᠭᠠᠳ᠂  ᠲᠤᠭᠳᠠᠯᠴᠠᠭᠠᠨ ᠤ ᠴᠢᠨᠠᠷᠲᠠᠢ᠂ ᠣᠷᠳᠣ ᠬᠤᠭᠤᠴᠠᠭᠠᠨ ᠤ ᠪᠦᠲᠦᠮᠵᠢᠲᠡᠶ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠬᠠᠮᠳᠤ ᠶᠢ ᠪᠦᠷᠢᠯᠳᠦᠭᠦᠯᠬᠦ ᠶᠢ ᠬᠦᠰᠡᠵᠦ ᠪᠠᠶᠢᠨ᠎ᠠ᠃ ᠡᠭᠦᠨ ᠤ ᠬᠠᠮᠳᠤ᠂ ᠡᠬᠡ ᠣᠷᠣᠨᠴᠢ ᠦᠵᠡᠯ ᠤᠨ ᠬᠥᠮᠦᠵᠢᠯ ᠪᠠ ᠰᠡᠳᠬᠢᠴᠡ ᠶᠢᠨ ᠡᠷᠡᠭᠦᠯ ᠮᠡᠨᠳᠤ ᠶᠢᠨ ᠬᠥᠮᠦᠵᠢᠯ ᠢ ᠴᠢᠩᠭᠠᠳᠬᠠᠵᠤ᠂ ᠪᠠᠶᠢᠴᠠᠭᠠᠬᠤ ᠠᠵᠢᠯ ᠤᠨ ᠦᠢᠯᠡᠳᠦᠯ ᠴᠢᠳᠠᠮᠵᠢ ᠶᠢ ᠪᠠᠳᠠᠷᠠᠭᠤᠯᠬᠤ ᠬᠡᠷᠡᠭᠲᠡᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠪᠢ ᠳᠤ᠂ ᠪᠣᠳᠠᠲᠤ ᠪᠠᠶᠢᠳᠠᠯ ᠠᠴᠠ ᠪᠠᠨ ᠡᠭᠦᠰᠴᠦ᠂  ᠨᠡᠶᠢᠭᠡᠮ ᠤᠨ ᠪᠣᠯᠪᠠᠰᠤᠨ ᠤ ᠰᠢᠨ᠎ᠡ ᠰᠤᠷᠲᠠᠯ ᠢ ᠢᠳᠡᠪᠬᠢᠲᠡᠢ ᠰᠠᠨᠠᠭᠠᠴᠢᠯᠠᠨ᠂ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠡᠬᠡ ᠣᠷᠣᠨ ᠲᠠᠢ ᠪᠠᠨ ᠬᠠᠮᠲᠤ ᠤᠷᠤᠭᠰᠢᠯᠠᠬᠤ᠂ ᠨᠡᠶᠢᠭᠡᠮ ᠨᠡᠶᠢᠳᠡ ᠳᠤ ᠬᠤᠪᠢ ᠨᠡᠮᠡᠷᠢ ᠦᠵᠡᠭᠦᠯᠬᠦ ᠶᠢ ᠪᠠᠷᠢᠮᠳᠠᠯᠠᠨ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠬᠦᠰᠡᠯ ᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ  ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号