︽ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ︾ —  ᠲᠠᠶᠢᠹᠤᠰᠧ ᠬᠤᠰᠢᠭᠤ ᠰᠢᠯᠢ ᠶᠢᠨ ᠭᠤᠣᠯ ᠤᠨ ᠡᠮᠦᠨᠡᠲᠦ ᠬᠡᠰᠡᠭ ᠤᠨ ᠣᠷᠣᠨ ᠪᠦᠰᠡ ᠶᠢᠨ ᠠᠵᠤ ᠠᠬᠤᠢ ᠶᠢᠨ ᠨᠡᠮᠡᠭᠳᠡᠯ ᠤᠨ ᠲᠤᠶᠢᠯ ᠢ ᠴᠢᠷᠮᠠᠶᠢᠨ ᠴᠤᠭᠴᠠᠯᠠᠨᠠᠮ
ᠨᠡᠶᠢᠲᠡᠯᠡᠭᠰᠡᠨ ᠴᠠᠭ᠄
2022/4/20
 ︽ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ︾ —                    ᠲᠠᠶᠢᠹᠤᠰᠧ ᠬᠤᠰᠢᠭᠤ ᠰᠢᠯᠢ ᠶᠢᠨ ᠭᠤᠣᠯ ᠤᠨ ᠡᠮᠦᠨᠡᠲᠦ ᠬᠡᠰᠡᠭ ᠤᠨ ᠣᠷᠣᠨ ᠪᠦᠰᠡ ᠶᠢᠨ ᠠᠵᠤ ᠠᠬᠤᠢ ᠶᠢᠨ ᠨᠡᠮᠡᠭᠳᠡᠯ ᠤᠨ ᠲᠤᠶᠢᠯ ᠢ ᠴᠢᠷᠮᠠᠶᠢᠨ ᠴᠤᠭᠴᠠᠯᠠᠨᠠᠮ     ᠲᠠᠶᠢᠹᠤᠰᠧ ᠬᠤᠰᠢᠭᠤ ᠪᠡᠭᠡᠵᠢᠩ ᠲᠢᠶᠠᠨᠵᠢᠨ ᠾᠧᠪᠸᠢ ᠳᠤ ᠬᠠᠨᠳᠤᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠰᠠᠭᠤᠷᠢᠨ ᠪᠠ ᠪᠦᠬᠦ ᠠᠶᠢᠮᠠᠭ ᠤᠨ ᠰᠠᠶᠢᠨ ᠡᠭᠦᠯᠳᠡᠷ ᠤᠨ ᠮᠢᠬᠠᠨ ᠤ ᠦᠬᠡᠷ ᠢ  ᠪᠤᠷᠳᠤᠨ  ᠲᠠᠷᠭᠤᠯᠠᠭᠤᠯᠬᠤ᠂ ᠦᠷᠡᠵᠢᠬᠦᠯᠦᠨ ᠪᠤᠶᠢᠵᠢᠭᠤᠯᠬᠤ᠂ ᠨᠠᠷᠢᠯᠢᠭ ᠡᠳ᠋ᠰᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠤᠯᠭᠠᠨ᠂ ᠰᠠᠶᠢᠨ ᠡᠭᠦᠯᠳᠡᠷ ᠤᠨ ᠮᠢᠬᠠᠨ ᠤ ᠦᠬᠡᠷ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ  ᠰᠠᠶᠢᠳᠤᠷ ᠠᠳᠬᠤᠨ᠂ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠪᠦᠬᠦ ᠲᠠᠯ᠎ᠠ ᠪᠠᠷ  ᠲᠡᠭᠡᠭᠰᠢᠯᠡᠬᠦᠯᠵᠦ ᠪᠠᠶᠢᠨ᠎ᠠ᠃    ᠦ᠋ ᠹᠧᠩ ᠣᠲᠣ ᠦᠶ᠎ᠡ ᠶᠢᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠪᠤᠯ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ᠂ ᠬᠡᠪᠴᠢᠶᠡᠵᠢᠭᠦᠯᠦᠨ ᠪᠣᠷᠳᠣᠬᠤ᠂ ᠨᠠᠷᠢᠯᠢᠭ ᠡᠳ᠋ᠰᠢᠭᠦᠯᠬᠦ ᠵᠢᠴᠢ ᠨᠠᠷᠠᠲᠤ ᠲᠥᠷᠥᠯ ᠲᠡᠮᠳᠡᠭ ᠤᠨ ᠡᠵᠡᠩᠨᠡᠨ ᠪᠣᠷᠣᠯᠠᠭᠤᠯᠤᠯᠲᠠ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠪᠤᠯᠤᠨ᠎ᠠ᠃ 2017 ᠣᠨ ᠠᠴᠠ ᠨᠠᠰᠢ᠂ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠦ᠋ᠰᠲᠷᠠᠯᠢᠶ᠎ᠠ ᠠᠴᠠ 2000 ᠲᠤᠯᠤᠭᠠᠢ ᠴᠡᠪᠡᠷ ᠡᠭᠦᠯᠳᠡᠷ ᠤᠨ ᠠᠩᠬᠢᠰ ᠦᠨᠢᠶ᠎ᠡ ᠤᠷᠤᠭᠤᠯᠤᠭᠠᠳ᠂ ᠣᠲᠣ 3500 ᠭᠠᠷᠤᠢ ᠠᠩᠬᠢᠰ ᠦᠬᠡᠷ ᠲᠠᠢ  ᠪᠤᠯᠵᠠᠢ᠃  ᠠᠵᠤ ᠠᠬᠤᠶᠢᠯᠠᠯ ᠨᠢ ᠰᠢᠯᠢᠳᠡᠭ ᠮᠡᠷᠭᠡᠵᠢᠯ ᠤᠨ ᠪᠦᠯᠬᠦᠮ ᠪᠠ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠬᠠᠮᠢᠶᠠᠷᠤᠯᠲᠠ ᠶᠢᠨ ᠵᠠᠭᠪᠤᠷ ᠲᠤ ᠲᠦᠰᠢᠭᠯᠡᠭᠰᠡᠨ ᠢᠶᠠᠷ᠂ ᠲᠡᠵᠢᠬᠡᠨ ᠦᠷᠡᠵᠢᠬᠦᠯᠬᠦ ᠰᠠᠭᠤᠷᠢᠨ ᠭᠠᠵᠠᠷ ᠤᠨ ᠲᠦᠯ ᠤᠨ ᠤᠨᠳᠤᠷᠤᠯᠲᠠ ᠶᠢᠨ ᠨᠣᠷᠮ᠎ᠠ 97.66% ᠳᠤ ᠬᠦᠷᠴᠦ᠂ ᠡᠯ᠎ᠡ  ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠶᠢᠨ ᠭᠦᠢᠴᠡᠳᠬᠡᠯ ᠲᠤᠭ᠎ᠠ  ᠪᠦᠷ ᠲᠡᠷᠢᠭᠦᠨ ᠤ ᠬᠢᠷᠢ ᠲᠦᠪᠰᠢᠨ ᠳᠤ ᠭᠦᠷᠦᠭᠰᠡᠨ ᠪᠠᠶᠢᠨ᠎ᠠ᠃ 2018 ᠣᠨ ᠠᠴᠠ ᠡᠬᠢᠯᠡᠭᠡᠳ᠂  ᠲᠠᠶᠢᠹᠤᠰᠧ ᠬᠤᠰᠢᠭᠤᠨ ᠤ ᠰᠢᠩ ᠹᠦ᠋ ᠰᠢᠶᠠᠩ᠂ ᠶᠦᠩ ᠹᠧᠩ ᠪᠠᠯᠭᠠᠰᠤᠨ ᠤ 52  ᠶᠠᠳᠠᠭᠤ ᠬᠦᠴᠢᠷᠳᠡᠯᠳᠡᠢ ᠡᠷᠦᠬᠡ ᠨᠢ 95 ᠦᠨᠢᠶ᠎ᠡ ᠪᠠᠨ ᠰᠠᠭᠤᠷᠢᠨ ᠭᠠᠵᠠᠷ ᠳᠤ ᠨᠠᠶᠢᠳᠠᠨ ᠬᠠᠮᠢᠶᠠᠷᠤᠭᠤᠯᠵᠤ᠂ ᠡᠷᠦᠬᠡ ᠳᠤᠮᠳᠠᠴᠢ ᠶᠢᠨ ᠤᠷᠤᠯᠭ᠎ᠠ 13700 ᠲᠥᠭᠦᠷᠢᠭ ᠨᠡᠮᠡᠭᠳᠡᠪᠡ᠃    ᠡᠤ ᠹᠧᠩ ᠤᠳᠤ ᠦᠶ᠎ᠡ ᠶᠢᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠬᠠᠮᠢᠶᠠᠷᠤᠯᠲᠠ ᠶᠢᠨ ᠪᠦᠯᠬᠦᠮ ᠤᠨ ᠲᠤᠰᠠᠯᠠᠬᠤ ᠶᠡᠷᠦᠩᠬᠡᠢ ᠳᠠᠭᠠᠭᠠᠮᠠᠯ ᠵᠠᠩ ᠹᠠ ᠵᠢᠶᠦ᠋ᠨ᠄  ︽ᠰᠠᠶᠢᠨ ᠡᠭᠦᠯᠳᠡᠷ ᠢ ᠣᠷᠣᠭᠤᠯᠤᠨ ᠠᠪᠴᠢᠷᠠᠬᠤ ᠠᠴᠠ ᠠᠪᠴᠤ ᠬᠡᠯᠡᠪᠡᠯ᠂  ᠬᠤᠶᠢᠰᠢᠳᠠ ᠣᠷᠣᠨ ᠨᠤᠲᠤᠭ ᠤᠨ ᠠᠵᠤ ᠦᠢᠯᠡᠰ ᠤᠨ ᠲᠤᠯᠭᠠᠭᠤᠷᠢᠯᠠᠯ ᠳᠤ ᠴᠤ ᠲᠡᠷᠡ᠂ ᠳᠠᠶᠢᠴᠢᠯᠠᠯᠲᠠ ᠳᠤ ᠴᠤ ᠲᠡᠷᠡ ᠮᠠᠰᠢ ᠶᠡᠭᠡ ᠬᠠᠪᠰᠤᠷᠤᠯᠭ᠎ᠠ ᠪᠣᠯᠬᠤ ᠶᠤᠮ᠃  ᠮᠠᠨ ᠤ ᠺᠤᠮᠫᠠᠨᠢ ᠨᠢ ᠵᠢᠯ ᠪᠦᠷᠢ 145000 ᠲᠥᠭᠦᠷᠢᠭ ᠭᠠᠷᠭᠠᠵᠤ ᠠᠷᠠᠳ ᠢᠷᠭᠡᠳ ᠲᠤ ᠠᠰᠢᠭ ᠣᠷᠣᠯᠭ᠎ᠠ ᠬᠤᠪᠢᠶᠠᠵᠤ ᠪᠠᠶᠢᠭ᠎ᠠ᠂   ᠦᠨᠦ ᠪᠤᠯᠬᠤ ᠳᠤ ᠳᠥᠷᠪᠡᠳᠦᠭᠡᠷ ᠵᠢᠯ ᠤᠨ ᠢᠶᠠᠨ ᠨᠢᠭᠤᠷ ᠢ ᠦᠵᠡᠯ᠎ᠡ᠂  ᠪᠢᠳᠡ 5 ᠵᠢᠯ ᠤᠨ ᠭᠡᠷ᠎ᠡ ᠲᠤᠭᠳᠠᠵᠠᠢ᠂ ᠲᠠᠪᠤᠨ ᠵᠢᠯ ᠤᠨ ᠲᠠᠷᠠᠭ᠎ᠠ ᠬᠤᠶᠠᠷ  ᠲᠠᠯ᠎ᠠ ᠪᠠᠷ ᠢᠶᠠᠨ ᠲᠤᠷ᠎ᠠ ᠲᠠᠢ ᠪᠤᠯ  ᠭᠡᠷ᠎ᠡ ᠪᠠᠨ  ᠵᠠᠯᠭᠠᠵᠤ ᠲᠤᠭᠳᠠᠨ᠎ᠠ᠂ ᠲᠠᠷᠠᠭᠠᠴᠢ ᠶᠢᠨ ᠠᠯᠬᠤᠮ ᠳᠤ᠂ ᠠᠵᠤ ᠦᠢᠯᠡᠰ ᠤᠨ ᠬᠡᠯᠬᠢᠶ᠎ᠡ ᠪᠠᠨ ᠤᠷᠳᠤᠳᠬᠠᠵᠤ᠂ ᠠᠯᠠᠵᠤ ᠨᠢᠲᠤᠯᠵᠤ ᠡᠳ᠋ᠰᠢᠭᠦᠯᠦᠨ ᠪᠣᠷᠣᠯᠠᠭᠤᠯᠬᠤ ᠪᠠᠷ ᠲᠠᠮᠵᠢᠭᠠᠳ  ᠮᠠᠨ ᠤ ︽ᠰᠢᠯᠢ ᠶᠢᠨ ᠭᠤᠣᠯ ᠤᠨ ᠦ᠋ ᠹᠧᠩ︾  ᠠᠵᠤ ᠦᠢᠯᠡᠰ ᠢᠶᠠᠨ  ᠤᠯᠠᠮ ᠢᠯᠡᠬᠦᠦ ᠬᠦᠴᠦᠷᠭᠡᠭᠵᠢᠬᠦᠯᠦᠨ ᠬᠦᠭᠵᠢᠬᠦᠯᠦᠨ᠎ᠡ︾᠃     ᠲᠠᠶᠢᠹᠤᠰᠧ ᠬᠤᠰᠢᠭᠤᠨ ᠤ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠠᠷᠢᠶᠠᠯᠠᠩ ᠮᠠᠯ ᠠᠵᠤ ᠠᠬᠤᠢ   ᠶᠢ ᠤᠷᠢᠳᠠᠪᠠᠷ ᠬᠥᠭᠵᠢᠭᠦᠯᠬᠦ ᠶᠡᠷᠦᠩᠬᠡᠢ ᠴᠢᠭᠯᠡᠯᠲᠡ ᠶᠢ ᠪᠠᠷᠢᠮᠳᠠᠯᠠᠨ᠂  ᠲᠠᠷᠢᠶᠠᠯᠠᠩ  ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠠᠰᠤᠷᠠᠯᠳᠡ ᠦᠭᠡᠢ ᠬᠦᠨᠵᠡᠬᠡᠶᠢᠷᠡᠬᠦᠯᠦᠭᠡᠳ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠤᠯᠤᠭᠰᠠᠨ ᠶᠤᠮ᠃     ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠧᠨ ᠶᠠᠨ ᠪᠦᠦ᠄  ︽ᠠᠮᠢ ᠠᠬᠤᠢ ᠶᠢ ᠲᠡᠷᠢᠭᠦᠨ ᠳᠤ  ᠲᠠᠯᠪᠢᠭᠰᠠᠨ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠲᠠᠯ᠎ᠠ ᠪᠠᠷ᠂ ᠡᠨᠡ ᠵᠢᠯ ᠮᠠᠨ ᠤ ᠬᠤᠰᠢᠭᠤ ᠨᠢ ᠭᠤᠣᠯᠳᠠᠭᠤ ᠭᠤᠷᠪᠠᠨ ᠭᠤᠤᠯᠳᠠᠯᠭ᠎ᠠ ᠶᠢᠨ ᠲᠣᠭᠤᠷᠢᠨ ᠳᠤ ᠠᠵᠢᠯ  ᠢᠶᠠᠨ ᠦᠷᠨᠢᠬᠦᠯᠬᠦ ᠪᠠᠷ ᠪᠠᠶᠢᠨ᠎ᠠ᠄ ᠨᠢᠭᠡ ᠳᠤᠨᠢ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠤᠷᠤᠨ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠲᠠᠶᠢᠹᠥᠰᠧ ᠬᠤᠰᠢᠭᠤᠨ ᠤ ︽ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ︾ ᠶᠢ ᠲᠦᠷᠭᠡᠳᠬᠡᠨ ᠠᠬᠢᠭᠤᠯᠬᠤ ᠭᠡᠷᠡᠭᠳᠡᠢ᠃ ᠬᠤᠶᠠᠷ ᠲᠤᠨᠢ ᠠᠶᠢᠮᠠᠭ ᠤᠨ ᠱᠠᠭᠠᠷᠳᠠᠯᠭ᠎ᠠ ᠶᠣᠰᠣᠭᠠᠷ᠂ ᠨᠡᠭᠦᠷᠡᠰᠦᠲᠥ᠋ᠷᠥᠭᠴᠢ ᠪᠠᠭ᠎ᠠ ᠪᠠ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠤᠷᠤᠨ ᠲᠣᠭᠤᠷᠢᠭ ᠤᠨ ᠲᠥᠯᠦᠪᠵᠢᠭᠦᠯᠭᠡ ᠪᠠ ᠪᠠᠶᠢᠭᠤᠯᠤᠯᠲᠠ ᠶᠢ ᠲᠦᠷᠭᠡᠳᠬᠡᠵᠦ᠂ ᠡᠮᠦᠨᠡᠬᠢ ᠬᠤᠭᠤᠴᠠᠭᠠᠨ ᠤ ᠠᠵᠢᠯ ᠢ ᠰᠠᠶᠢᠨ ᠬᠢᠬᠦ ᠭᠡᠷᠡᠭᠳᠡᠢ᠃  ᠭᠤᠷᠪᠠ ᠳᠤᠨᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠲᠠᠷᠢᠶᠠᠯᠠᠬᠤ ᠣᠷᠣᠨ ᠤ ᠪᠣᠭ ᠮᠠᠯ ᠢ ᠪᠥᠬᠦ ᠵᠢᠯ ᠢᠶᠠᠷ ᠬᠠᠰᠢᠶᠠᠯᠠᠵᠤ ᠮᠠᠯᠵᠢᠨ᠂ ᠮᠠᠯᠵᠢᠬᠤ ᠣᠷᠣᠨ  ᠤ ᠪᠡᠯᠴᠢᠭᠡᠷ ᠤᠨ ᠲᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠳᠠᠭᠠᠭᠠᠴᠠ   ᠠᠴᠠ ᠬᠡᠲᠦᠷᠡᠬᠦ ᠶᠢ  ᠡᠷᠡᠰ ᠴᠠᠭᠠᠵᠠᠯᠠᠨ᠂   ﹇ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ﹈  ᠬᠡᠮᠡᠬᠦ ᠣᠶᠢᠯᠠᠭᠠᠭᠳᠠᠬᠤᠨ ᠢ ᠤᠯᠠᠮ ᠰᠠᠶᠢᠨ ᠨᠠᠶᠢᠳᠠᠪᠤᠷᠢᠵᠢᠭᠤᠯᠬᠤ ᠭᠡᠷᠡᠭᠳᠡᠢ︾᠃     ᠣᠳᠣᠬᠠᠨ ᠳᠤ᠂  ᠲᠠᠶᠢᠹᠤᠰᠧ ᠬᠤᠰᠢᠭᠤᠨ ᠤ  ᠲᠦᠬᠦᠭᠡᠷᠦᠮᠵᠢᠳᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠲᠣᠭᠲᠠᠭᠤᠨ ᠢᠶᠠᠷ ᠠᠬᠢᠵᠤ᠂ ᠣᠨᠴᠠᠯᠢᠭᠲᠤ ᠠᠵᠤ ᠦᠢᠯᠡᠰ ᠲᠠᠰᠤᠷᠠᠯᠲᠠ ᠦᠭᠡᠢ ᠴᠢᠩᠭᠠᠷᠠᠨ᠂ ᠨᠡᠯᠢᠶᠡᠳ ᠪᠦᠷᠢᠨ ᠲᠡᠭᠦᠯᠳᠡᠷ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠪᠣᠶ ᠪᠤᠯᠵᠠᠢ᠃ ᠪᠥᠬᠦ ᠬᠤᠰᠢᠭᠤᠨ ᠤ ᠲᠠᠷᠢᠮᠠᠯ ᠤᠨ ᠲᠠᠯᠠᠪᠠᠶ 140 ᠭᠠᠷᠤᠢ ᠲᠦᠮᠡᠨ ᠮᠦ   ᠳᠤ ᠲᠤᠭᠳᠠᠪᠤᠷᠢᠵᠢᠵᠤ  ᠂ ᠬᠤᠩ ᠵᠢᠩ ᠶᠤᠸᠠᠨ  ᠲᠤᠰᠤᠨ ᠤ ᠦᠢᠯᠡᠰ᠂ ᠪᠠᠢ ᠬᠤᠢ ᠱᠧᠩ ᠰᠢᠬᠢᠷ ᠤᠨ ᠦᠢᠯᠡᠰ ᠵᠡᠷᠭᠡ ᠺᠣᠮᠫᠠᠨᠢ ᠪᠠᠷ ᠲᠤᠯᠤᠭᠠᠶᠢᠯᠠᠭᠤᠯᠤᠭᠰᠠᠨ ᠦᠢᠯᠡᠳᠪᠦᠷᠢᠯᠡᠯ ᠡᠳ᠋ᠰᠢᠬᠦᠯᠦᠯᠳᠡ ᠪᠣᠷᠤᠯᠠᠭᠤᠯᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠠᠩᠬ᠎ᠠ ᠠᠯᠬᠤᠮ ᠭᠡᠪᠴᠢᠶᠡᠵᠢᠨ᠂   ᠨᠢᠳᠤᠨᠤᠨ ᠵᠤᠨ ᠤ ᠪᠦᠷᠢᠳᠬᠡᠯ ᠢᠶᠠᠷ ᠮᠠᠯ ᠤᠨ ᠲᠤᠭ᠎ᠠ ᠲᠤᠯᠤᠭᠠᠢ 39 ᠲᠦᠮᠡ ᠭᠠᠷᠴᠤ᠂  2000 ᠦᠬᠡᠷ ᠤᠨ ᠭᠡᠪᠴᠢᠶ᠎ᠡ ᠲᠠᠢ ᠪᠤᠷᠳᠤᠨ ᠲᠠᠷᠭᠤᠯᠠᠭᠤᠯᠬᠤ ᠦᠢᠯᠡᠳᠪᠦᠷᠢ 2 ᠪᠠᠶᠢᠭᠤᠯᠤᠭᠳᠠᠭᠠᠳ ᠁ ᠵᠣᠬᠢᠶᠠᠨ ᠪᠠᠶᠢᠭᠤᠯᠤᠯᠴᠠᠭᠰᠠᠨ᠂ ᠡᠷᠴᠢᠮᠵᠢᠭᠰᠡᠨ ᠡᠵᠡᠩᠨᠡᠯᠲᠡ ᠶᠢᠨ ᠠᠯᠬᠤᠭ᠎ᠠ ᠲᠠᠰᠤᠷᠠᠯᠳᠡ ᠦᠭᠡᠢ ᠲᠦᠷᠭᠡᠰᠴᠦ ᠪᠠᠶᠢᠭ᠎ᠠ  ᠃ ᠡᠭᠦᠨ ᠤ ᠬᠠᠮᠲᠤ᠂ ᠪᠤᠳᠠᠰ ᠤᠨ ᠭᠦᠢᠯᠭᠡᠭᠡᠨ ᠤ ᠲᠦᠪᠯᠡᠷᠡᠬᠦᠯᠵᠦ ᠲᠠᠷᠬᠠᠭᠠᠬᠤ᠂  ᠬᠦᠮᠦᠷᠭᠡᠯᠡᠵᠦ ᠬᠠᠳᠠᠭᠠᠯᠠᠬᠤ᠂ ᠪᠣᠭᠤᠳᠠᠯᠯᠠᠵᠤ ᠡᠳ᠋ᠰᠢᠭᠦᠯᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠠᠵᠤ ᠦᠢᠯᠡᠰ ᠢ ᠬᠦᠴᠦᠯᠡᠨ ᠪᠣᠶ ᠪᠣᠯᠭᠠᠵᠤ᠂ ᠰᠢᠯᠢ ᠶᠢᠨ ᠭᠤᠣᠯ ᠤᠨ ᠡᠮᠦᠨᠡᠲᠦ ᠬᠡᠰᠡᠭ ᠤᠨ ᠣᠷᠣᠨ ᠪᠦᠰᠡ ᠶᠢᠨ ᠠᠷᠠᠯᠵᠢᠶ᠎ᠠ ᠵᠢᠭᠤᠯᠴᠢᠯᠠᠯ ᠤᠨ ︽ᠬᠥᠭᠦᠷᠭᠡᠨ ᠪᠠᠬᠢᠯᠡᠯᠲᠡ︾ ᠶᠢ ᠬᠦᠴᠦᠷᠭᠡᠭᠵᠢᠬᠦᠯᠦᠨ ᠪᠠᠶᠢᠭᠤᠯᠬᠤ ᠪᠠᠷ ᠴᠢᠷᠮᠠᠶᠢᠵᠤ ᠪᠤᠢ᠃      ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠧᠨ ᠶᠠᠨ ᠪᠦᠦ᠄  ︽ᠣᠳᠣ ᠦᠶ᠎ᠡ ᠶᠢᠨ ᠲᠠᠷᠢᠶᠠᠯᠠᠩ  ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠠᠯ᠎ᠠ  ᠪᠠᠷ᠂ ᠡᠨᠡ ᠵᠢᠯ ᠮᠠᠨ ᠤ ᠬᠤᠰᠢᠭᠤ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠬᠢᠨ᠎ᠡ᠃ ᠨᠢᠭᠡ ᠳᠤᠨᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠳᠠᠪᠠᠭᠤᠯᠢᠭ ᠢ ᠠᠰᠢᠭᠯᠠᠵᠤ᠂ ᠨᠠᠩ ᠣᠯᠠᠨ ᠭᠠᠵᠠᠷ ᠵᠦᠢ ᠶᠢᠨ ᠪᠡᠯᠭᠡ ᠲᠡᠮᠳᠡᠭ ᠪᠦᠬᠦᠢ ᠣᠨᠴᠠᠯᠢᠭᠲᠤ ᠮᠠᠯ ᠲᠠᠷᠢᠶᠠᠯᠠᠩ ᠤᠨ ᠪᠦᠲᠦᠭᠡᠭᠳᠡᠬᠦᠨ ᠢ ᠴᠢᠷᠮᠠᠶᠢᠨ ᠪᠣᠶ ᠪᠣᠯᠭᠠᠬᠤ ᠶᠢᠨ ᠬᠠᠮᠲᠤ ᠲᠧᠩ ᠰᠢᠶᠦ᠋ᠨ᠂ ᠵᠢᠩ ᠳ᠋ᠦᠩ ᠮᠡᠲᠦ ᠶᠢᠨ ᠲᠣᠮᠣ ᠲᠠᠪᠴᠠᠩ   ᠯᠤᠭ᠎ᠠ ᠬᠠᠮᠲᠤᠷᠠᠨ ᠠᠵᠢᠯᠯᠠᠬᠤ  ᠪᠠᠨ ᠴᠢᠩᠭᠠᠳᠬᠠᠵᠤ᠂ ᠮᠠᠨ ᠤ ᠣᠨᠴᠠᠯᠢᠭᠲᠤ ᠮᠠᠯ ᠲᠠᠷᠢᠶᠠᠯᠠᠩ ᠤᠨ ᠪᠦᠲᠦᠭᠡᠭᠳᠡᠬᠦᠨ ᠢᠶᠠᠨ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠣᠷᠣᠭᠤᠯᠤᠨ᠎ᠠ  ᠃ ᠬᠤᠶᠠᠷ ᠲᠤᠨᠢ᠂  ︽ᠲᠠᠯ᠎ᠠ ᠨᠤᠲᠤᠭ ᠢᠶᠠᠷ ᠬᠦᠰᠢᠭᠡᠯᠡᠵᠦ᠂ ᠪᠡᠭᠡᠵᠢᠩ ᠲᠢᠶᠠᠨᠵᠢᠨ ᠾᠧᠪᠧᠢ ᠲᠠᠢ ᠨᠢᠭᠤᠷᠯᠠᠭᠰᠠᠨ︾ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠮᠠᠨ ᠤ ᠬᠤᠰᠢᠭᠤᠨ ᠤ ᠪᠠᠨ ᠲᠠᠯ᠎ᠠ ᠨᠤᠲᠤᠭ ᠤᠨ ᠰᠣᠶᠣᠯ᠂ ᠬᠠᠭᠠᠨ ᠤ  ᠠᠳᠤᠭᠤᠨ ᠰᠣᠶᠣᠯ᠂ ᠮᠣᠩᠭᠤᠯ ᠶᠤᠸᠠᠨ ᠤ ᠰᠣᠶᠣᠯ ᠤᠨ ᠠᠭᠤᠯᠬᠤᠨ ᠳᠤ ᠲᠦᠰᠢᠭᠯᠡᠨ᠂  ᠼᠦᠩ ᠯᠢ ᠶᠢᠨ ᠡᠪᠦᠯ ᠤᠨ ᠤᠯᠢᠮᠫᠢᠺ  ᠂  ᠵᠡᠮᠳᠡᠭᠴᠦᠳ ᠤᠨ ᠤᠯᠢᠮᠫᠢᠺ ᠤᠨ ︽ᠭᠠᠳᠠᠭᠰᠢ ᠨᠥᠯᠥᠭᠡᠯᠡᠬᠦ ᠦᠢᠯᠡᠳᠦᠯ︾ ᠢ ᠰᠠᠶᠢᠲᠤᠷ ᠡᠵᠡᠮᠳᠡᠵᠦ᠂ ︽ᠵᠣᠨ ᠤ ᠤᠯᠠᠷᠢᠯ ᠳᠤ ᠲᠠᠯ᠎ᠠ ᠨᠤᠲᠤᠭ ᠢᠶᠠᠷ ᠢᠶᠠᠨ  ᠵᠤᠭᠠᠴᠠᠭᠤᠯᠤᠨ᠂ ᠡᠪᠦᠯ ᠤᠨ ᠤᠯᠠᠷᠢᠯ ᠳᠤ ᠮᠥᠰᠥ ᠴᠠᠰᠤᠨ ᠲᠡᠭᠡᠷ᠎ᠡ ᠨᠠᠭᠠᠳᠤᠭᠤᠯᠬᠤ︾ ᠠᠵᠢᠯ ᠢ  ᠰᠠᠶᠢᠨ ᠬᠢᠵᠦ᠂ ᠲᠠᠯ᠎ᠠ ᠨᠤᠲᠤᠭ ᠤᠨ ᠵᠢᠭᠤᠯᠴᠢᠯᠠᠯ ᠢ ᠠᠷᠠᠳ ᠢ ᠪᠠᠶᠠᠵᠢᠭᠤᠯᠵᠤ ᠬᠤᠰᠢᠭᠤ ᠪᠠᠨ ᠬᠦᠴᠦᠷᠬᠡᠭᠵᠢᠭᠦᠯᠬᠦ ᠶᠢᠨ ᠲᠤᠯᠭᠠᠭᠤᠷᠢ ᠦᠢᠯᠡᠰ ᠪᠣᠯᠭᠠᠨ᠎ᠠ  ᠃ ᠭᠤᠷᠪᠠ ᠳᠤᠨᠢ ᠣᠲᠣ ᠦᠶ᠎ᠡ ᠶᠢᠨ ᠬᠥᠮᠥᠷᠭᠡᠯᠡᠨ ᠬᠠᠳᠠᠭᠠᠯᠠᠬᠤ  ᠪᠤᠳᠠᠰ ᠭᠦᠢᠯᠭᠡᠭᠡ ᠶᠢ ᠵᠦᠢ ᠵᠣᠬᠢᠰᠲᠠᠢ ᠲᠥᠯᠥᠪᠵᠢᠭᠦᠯᠦᠨ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ  ᠪᠤᠳᠠᠰ ᠤᠨ ᠬᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠠᠸᠠᠷ ᠤᠨ ᠰᠦᠯᠵᠢᠶᠡᠨ ᠭᠠᠳᠠᠨ᠎ᠠ ᠳᠡᠯᠭᠡᠨ ᠦᠵᠡᠭᠦᠯᠬᠦ ᠪᠠ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠢ ᠤᠯᠠᠮ ᠲᠡᠭᠦᠯᠳᠡᠷᠵᠢᠭᠦᠯᠵᠦ᠂ ︽ᠲᠤᠬᠠᠢ ᠶᠢᠨ ᠭᠠᠵᠠᠷ ᠲᠤ ᠪᠡᠶᠡᠴᠢᠯᠡᠨ ᠣᠶᠢᠯᠠᠭᠠᠬᠤ + ᠰᠦᠯᠵᠢᠶᠡᠨ ᠳᠡᠭᠡᠷ᠎ᠡ  ᠵᠠᠬᠢᠶᠠᠯᠠᠭ᠎ᠠ ᠲᠤᠭᠳᠠᠬᠤ︾ ᠦᠢᠯᠡᠴᠢᠯᠡᠭᠡ ᠶᠢ  ᠠᠬᠢᠭᠤᠯᠤᠨ᠂  ᠪᠡᠭᠡᠵᠢᠩ ᠤᠨ ᠴᠠᠩ ᠫᠢᠩ ᠲᠣᠭᠤᠷᠢᠭ ᠲᠤ ᠮᠠᠨ ᠤ ᠬᠤᠰᠢᠭᠤᠨ ᠤ ᠪᠠᠨ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠪᠠ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ  ᠶᠠᠪᠤᠭᠳᠠᠭᠤᠯᠬᠤ ᠪᠠᠷ ᠪᠠᠶᠢᠨ᠎ᠠ᠃  ︵4.19︶
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号