ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/4/20
 ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠤ   ᠳᠠᠬᠢ ᠬᠢᠨᠠᠯᠳᠠ ᠲᠠᠯᠪᠢᠬᠤ ᠲᠦᠷᠢᠮ︾ ᠂  ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾   ᠢ ᠦᠨᠳᠦᠰᠦᠯᠡᠵᠦ᠂   ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠨᠢᠬᠡᠳᠦᠯᠳᠡᠢ ᠪᠠᠶᠢᠷᠢᠯᠠᠠᠭᠤᠯᠤᠯᠳᠠ ᠶᠤᠰᠤᠭᠠᠷ᠂   2022 ᠤᠨ ᠤ 4 ᠰᠠᠷ᠎ᠠ ᠶᠢᠨ 18 ᠤ ᠡᠳᠦᠷ ᠠᠴᠠ 6 ᠰᠠᠷ᠎ᠠ ᠶᠢᠨ 8 ᠤ ᠡᠳᠦᠷ ᠬᠦᠷᠳᠡᠯ᠎ᠡ᠂ ᠬᠤᠰᠢᠭᠤ ᠨᠠᠮ ᠤᠨ ᠬᠤᠷᠢᠶᠠᠨ ᠤ  ᠨᠢᠬᠡᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ   ᠠᠴᠠ ᠲᠤᠭ᠎ᠠ ᠪᠦᠷᠢᠳᠬᠡᠯ ᠤᠨ ᠲᠤᠪᠴᠢᠶ᠎ᠠ᠂  ᠠᠵᠢᠯᠴᠢᠨ ᠤ ᠶᠡᠷᠦᠩᠬᠡᠢ ᠡᠪᠯᠡᠯ᠂ ᠤᠷᠤᠨ ᠲᠤᠭ᠎ᠠ ᠲᠤᠭᠳᠠᠭᠠᠬᠤ ᠵᠦᠪᠯᠡᠯ ᠤᠨ ᠠᠯᠪᠠᠨ ᠭᠡᠷ ᠲᠤ ᠡᠩ ᠤᠨ ᠲᠤᠭᠤᠷᠢᠨ ᠪᠠᠶᠢᠴᠠᠭᠠᠯᠳᠠ ᠬᠢᠵᠦ᠂  ᠲᠤᠭᠤᠷᠢᠨ ᠪᠠᠶᠢᠴᠠᠭᠠᠬᠤ ᠲᠤᠭᠤᠶᠢᠯᠠᠩ ᠠᠴᠠ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ᠂ ᠨᠠᠮ ᠤᠨ ᠰᠤᠷᠭᠠᠭᠤᠯᠢ᠂  ᠵᠡᠮᠳᠡᠭᠴᠤᠳ ᠤᠨ ᠬᠤᠯᠪᠤᠭ᠎ᠠ ᠳᠤ ᠡᠩ ᠤᠨ ᠲᠤᠭᠤᠷᠢᠨ ᠪᠠᠶᠢᠴᠠᠭᠠᠯᠳᠠ ᠬᠢᠬᠦ ᠪᠠᠷ ᠪᠤᠯᠪᠠ᠃       ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠭᠤᠷᠢᠨ ᠪᠠᠶᠢᠴᠠᠭᠠᠬᠤ ᠲᠤᠭᠤᠶᠢᠯᠠᠩ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ  ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂  ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢᠨ ᠪᠠᠶᠢᠷᠢ ᠲᠤᠭᠳᠠᠭᠠᠯᠳᠠ ᠶᠢ ᠪᠠᠳᠤ ᠡᠵᠡᠮᠳᠡᠵᠦ᠂  ᠠᠰᠠᠭᠤᠳᠠᠯ ᠤᠨ ᠵᠢᠯᠤᠭᠤᠳᠤᠮᠵᠢ ᠶᠢ ᠲᠤᠪᠤᠶᠢᠯᠭᠠᠨ᠂  ᠵᠠᠩᠭᠢᠯᠠᠭ᠎ᠠ ᠶᠢᠨ ᠴᠦᠬᠡᠨ ᠲᠤᠭᠠᠳᠠᠨ ᠲᠡᠭᠡᠷ᠎ᠡ ᠠᠩᠬᠠᠷᠤᠯ ᠲᠠᠯᠪᠢᠵᠤ᠂ ᠤᠯᠤᠰ ᠲᠦᠷᠦ ᠶᠢᠨ ᠤᠰᠤᠯ ᠠᠯᠳᠠᠭ᠎ᠠ ᠶᠢ ᠡᠷᠢᠨ᠂ ᠨᠠᠮ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ  ᠬᠢᠭᠡᠳ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ  ᠶᠢᠨ ᠪᠠᠶᠢᠷᠢᠯᠠᠭᠤᠯᠤᠯᠳᠠ ᠶᠢ  ᠨᠠᠶᠢᠳᠠᠪᠤᠷᠢᠵᠢᠭᠤᠯᠤᠭᠰᠠᠨ ᠪᠠᠶᠢᠳᠠᠯ᠂  ᠤᠯᠠᠨ ᠲᠦᠮᠡᠨ ᠤ ᠲᠡᠷᠭᠡᠳᠡᠬᠢ  ᠢᠯᠵᠡᠷᠡᠯ ᠤᠨ ᠠᠰᠠᠭᠤᠳᠠᠯ ᠪᠠ ᠲᠦᠪ ᠪᠤᠰᠤ ᠰᠤᠷᠳᠠᠯ ᠤᠨ ᠠᠰᠠᠭᠤᠳᠠᠯ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠰᠤᠯᠠ ᠵᠠᠳᠠᠭᠠᠢ ᠠᠰᠠᠭᠤᠳᠠᠯ ᠳᠤ ᠠᠩᠬᠠᠷᠤᠯ ᠢᠶᠠᠨ  ᠲᠦᠪᠯᠡᠷᠡᠬᠦᠯᠵᠦ᠂  ᠨᠠᠮ ᠤᠨ ᠤᠳᠤᠷᠢᠳᠤᠯᠭ᠎ᠠ ᠰᠤᠯᠠᠷᠠᠭᠰᠠᠨ᠂ ᠨᠠᠮ ᠤᠨ ᠪᠠᠶᠢᠭᠤᠯᠤᠯᠳᠠ ᠠᠯᠳᠠᠷᠠᠭᠰᠠᠨ᠂  ᠨᠠᠮ ᠤᠨ ᠵᠠᠰᠠᠯᠳᠠ ᠡᠷᠴᠢᠮ ᠦᠬᠡᠢ ᠵᠡᠷᠭᠡ ᠲᠠᠯ᠎ᠠ ᠶᠢᠨ ᠠᠰᠠᠭᠤᠳᠠᠯ ᠢ  ᠬᠦᠴᠦ ᠲᠠᠯᠪᠢᠨ ᠢᠯᠡᠷᠡᠬᠦᠯᠦᠨ᠎ᠡ᠃ ᠲᠤᠭᠤᠷᠢᠨ ᠪᠠᠶᠢᠴᠠᠭᠠᠬᠤ ᠬᠤᠭᠤᠴᠠᠭᠠᠨ ᠳᠤ ᠂  ᠲᠡᠭᠡᠷ᠎ᠡ ᠲᠤᠷᠠᠳᠤᠭᠰᠠᠨ ᠪᠠᠶᠢᠭᠤᠯᠭ᠎ᠠ ᠨᠢᠬᠡᠴᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠪᠠᠭ ᠪᠠ ᠲᠡᠬᠦᠨ ᠤ ᠭᠡᠰᠢᠬᠦᠳ ᠵᠢᠴᠢ ᠲᠤᠤᠷᠠᠳᠤ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠪᠠ ᠴᠢᠬᠤᠯᠠ ᠠᠵᠢᠯ ᠤᠨ ᠪᠠᠶᠢᠷᠢ ᠲᠡᠭᠡᠷᠡᠬᠢ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ  ᠰᠢᠢᠳᠪᠦᠷᠢᠯᠡᠨ᠎ᠡ᠃ ᠭᠤᠤᠯᠳᠠᠭᠤ ᠤᠯᠤᠰ ᠲᠦᠷᠦ  ᠶᠢᠨ ᠰᠠᠬᠢᠯᠭ᠎ᠠ ᠲᠦᠷᠢᠮ᠂ ᠵᠤᠬᠢᠶᠠᠨ ᠪᠠᠶᠢᠭᠤᠯᠤᠯᠳᠠ ᠶᠢᠨ ᠰᠠᠬᠢᠯᠭ᠎ᠠ  ᠲᠦᠷᠢᠮ᠂ ᠠᠷᠢᠭᠤᠨ ᠴᠢᠭᠡᠴᠢ ᠶᠢᠨ ᠰᠠᠬᠢᠯᠭ᠎ᠠ  ᠲᠦᠷᠢᠮ᠂ ᠤᠯᠠᠨ ᠲᠦᠮᠡᠨᠴᠢ ᠰᠠᠬᠢᠯᠭ᠎ᠠ ᠲᠦᠷᠢᠮ᠂ ᠠᠵᠢᠯ ᠤᠨ ᠰᠠᠬᠢᠯᠭ᠎ᠠ  ᠲᠦᠷᠢᠮ᠂ ᠠᠮᠢᠳᠤᠷᠠᠯ ᠤᠨ ᠰᠠᠬᠢᠯᠭ᠎ᠠ  ᠲᠦᠷᠢᠮ ᠵᠡᠷᠭᠡ ᠳᠤ ᠬᠤᠯᠪᠤᠭᠳᠠᠭᠰᠠᠨ ᠠᠰᠠᠭᠤᠳᠠᠯ ᠢ ᠢᠯᠡᠴᠢᠯᠡᠨ ᠲᠤᠰᠬᠠᠬᠤ ᠭᠡᠷᠡᠭᠳᠡᠢ᠃  ᠬᠠᠷᠢᠨ ᠲᠤᠭᠤᠷᠢᠨ ᠪᠠᠶᠢᠴᠠᠭᠠᠬᠤ ᠠᠵᠢᠯ ᠲᠠᠢ ᠦᠯᠦ ᠬᠤᠯᠪᠤᠭᠳᠠᠬᠤ ᠬᠤᠪᠢ ᠬᠦᠮᠦᠨ ᠤ  ᠭᠤᠮᠤᠳᠠᠯ ᠭᠤᠨᠢᠷᠬᠠᠯ ᠪᠤᠶᠤ  ᠬᠠᠤᠯᠢ ᠴᠠᠭᠠᠵᠠ ᠳᠤ ᠬᠤᠯᠪᠤᠭᠳᠠᠭᠰᠠᠨ ᠵᠠᠷᠭᠤ ᠵᠠᠭᠠᠯᠳᠤᠯᠭ᠎ᠠ ᠶᠢ ᠬᠦᠯᠢᠶᠡᠨ ᠠᠪᠬᠤ ᠦᠬᠡᠢ  ᠂  ᠡᠶᠢᠮᠦᠷᠬᠦ ᠠᠰᠠᠭᠤᠳᠠᠯ ᠢ ᠲᠤᠭᠳᠠᠭᠠᠯ ᠵᠠᠷᠴᠢᠮ  ᠶᠤᠰᠤᠭᠠᠷ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠤᠰᠢᠶᠠᠨ ᠰᠢᠢᠳᠪᠦᠷᠢᠯᠡᠬᠦᠯᠦᠨ᠎ᠡ᠃      ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠺᠠᠳᠠᠷ ᠤᠯᠠᠨ ᠲᠦᠮᠡᠨ ᠠᠴᠠ ᠦᠨᠡᠨ ᠪᠠᠶᠢᠳᠠᠯ ᠢ ᠪᠤᠳᠠᠳᠠᠢ  ᠪᠠᠷ ᠲᠤᠰᠬᠠᠬᠤ ᠶᠢ ᠬᠦᠰᠡᠵᠦ ᠪᠠᠶᠢᠨ᠎ᠠ᠃      ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ  ᠄ ᠬᠤᠰᠢᠭᠤᠨ ᠤ ᠰᠠᠬᠢᠯᠭ᠎ᠠ ᠪᠠᠳᠤ  ᠪᠠᠶᠢᠴᠠᠭᠠᠬᠤ  ᠬᠤᠷᠢᠶᠠᠨ ᠤ ᠠᠯᠪᠠᠨ ᠠᠰᠠᠷ ᠤᠨ ᠨᠢᠬᠡᠳᠦᠭᠡᠷ ᠲᠠᠪᠬᠤᠷᠭ᠎ᠠ᠃     ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠴᠠᠭ᠄  2022.4.18 —2022.6.8 ︵ᠦᠳᠡ ᠶᠢᠨ ᠡᠮᠦᠨ᠎ᠡ  9᠄ 00 — 12᠄ 00᠂ ᠦᠳᠡ ᠶᠢᠨ ᠬᠤᠶᠢᠨ᠎ᠠ 2᠄30 —5᠄00  ︶᠂  ᠠᠮᠠᠷᠠᠯᠳᠠ ᠶᠢᠨ ᠡᠳᠦᠷ ᠬᠦᠯᠢᠶᠡᠨ ᠠᠬᠤ ᠦᠬᠡᠢ᠃      ᠨᠢᠭᠡᠳᠦᠭᠡᠷ ᠲᠤᠭᠤᠶᠢᠯᠠᠩ ᠤᠨ ᠢᠮᠧᠯ ᠲᠤᠰᠬᠤ ᠬᠠᠶ᠋ᠢᠭ᠄  tqdyxcz@163.com᠂  ᠤᠳᠠᠰᠤ  ᠄ 15947096880      ᠬᠤᠶᠠᠳᠤᠭᠠᠷ ᠲᠤᠭᠤᠶᠢᠯᠠᠩ ᠤᠨ ᠢᠮᠧᠯ ᠲᠤᠰᠬᠤ ᠬᠠᠶ᠋ᠢᠭ᠄  tqdexcz@163.com᠂ ᠤᠳᠠᠰᠤ  ᠄ 15148646040      ᠰᠢᠤᠳᠠᠨ ᠬᠠᠶ᠋ᠢᠭ᠄  ᠬᠤᠰᠢᠭᠤᠨ ᠤ ᠰᠠᠬᠢᠯᠭ᠎ᠠ ᠪᠠᠳᠤ  ᠪᠠᠶᠢᠴᠠᠭᠠᠬᠤ ᠬᠤᠷᠢᠶᠠᠨ ᠤ ᠠᠯᠪᠠᠨ ᠠᠰᠠᠷ ᠤᠨ ᠬᠤᠶᠠᠳᠤᠭᠠᠷ ᠲᠠᠪᠬᠤᠷᠭ᠎ᠠ ᠳᠠᠬᠢ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠠᠯᠪᠠᠨ ᠭᠡᠷ  027000        ᠰᠠᠨᠠᠯ ᠬᠤᠷᠢᠶᠠᠬᠤ ᠬᠠᠶᠢᠷᠴᠠᠭ ᠢ ᠲᠤᠰᠪᠤᠷᠢ ᠬᠤᠰᠢᠭᠤᠨ ᠤ ᠨᠠᠮ ᠵᠠᠰᠠᠭ ᠤᠨ ᠠᠯᠪᠠᠨ ᠠᠰᠠᠷ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂  ᠠᠵᠢᠯᠴᠢᠨ ᠤ ᠶᠡᠷᠦᠩᠬᠡᠢ ᠡᠪᠯᠡᠯ᠂ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ᠂ ᠨᠠᠮ ᠤᠨ ᠰᠤᠷᠭᠠᠭᠤᠯᠢ᠂  ᠵᠡᠮᠳᠡᠭᠴᠤᠳ ᠤᠨ  ᠬᠤᠯᠪᠤᠭᠠᠨ ᠤ ᠠᠯᠪᠠᠨ ᠠᠰᠠᠷ ᠤᠨ ᠡᠬᠦᠳᠡᠨ ᠳᠤ ᠲᠤᠰᠪᠤᠷᠢ ᠪᠠᠶᠢᠷᠢᠯᠠᠭᠤᠯᠤᠨ᠎ᠠ᠃    ᠪᠦᠬᠦ ᠬᠤᠰᠢᠭᠤᠨ ᠤ ᠺᠠᠳᠠᠷ ᠤᠯᠠᠨ ᠲᠦᠮᠡᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠠᠵᠢᠯ ᠳᠤ ᠬᠢᠨᠠᠯᠳᠠ ᠲᠠᠯᠪᠢᠬᠤ ᠶᠢ ᠬᠦᠰᠡᠵᠦ ᠪᠠᠶᠢᠨ᠎ᠠ᠃ ᠬᠢᠨᠠᠯᠳᠠ ᠲᠠᠯᠪᠢᠬᠤ ᠤᠳᠠᠰᠤ᠄ 5230516᠃                 ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠲᠤᠭᠤᠶᠢᠯᠠᠩ          2022 ᠤᠨ ᠤ 4 ᠰᠠᠷ᠎ᠠ ᠶᠢᠨ 18   ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号