ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ︵79 ᠲᠣᠭᠠᠲᠤ︶
ᠨᠡᠶᠢᠲᠡᠯᠡᠭᠰᠡᠨ ᠴᠠᠭ᠄
2022/4/20
 ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠰᠡᠷᠭᠡᠶᠢᠯᠡᠨ ᠡᠵᠡᠮᠳᠡᠬᠦ ᠠᠵᠢᠯ ᠲᠤᠶᠢᠯ ᠤᠨ ᠬᠦᠨᠳᠦ ᠪᠥᠭᠡᠳ ᠪᠤᠳᠤᠯᠢᠶᠠᠨᠲᠠᠢ ᠪᠠᠶᠢᠭ᠎ᠠ᠃ ︽5.1︾  ᠤ ᠠᠮᠠᠷᠠᠯᠲᠠ ᠪᠣᠯ ᠬᠦᠮᠦᠰ ᠤᠨ ᠨᠠᠰᠢ ᠴᠠᠰᠢ ᠢᠷᠡᠵᠦ ᠶᠠᠪᠤᠬᠤ ᠤᠷᠬᠢᠯ ᠬᠤᠭᠤᠴᠠᠭ᠎ᠠ ᠪᠣᠯᠣᠨ᠎ᠠ᠂  ᠬᠦᠮᠦᠨ ᠤᠯᠠᠨ ᠴᠤᠭᠯᠠᠷᠠᠪᠠᠯ ᠬᠢᠵᠢᠭ ᠤᠨ ᠲᠦᠭᠰᠢᠭᠦᠷᠢ ᠴᠤ ᠶᠡᠭᠡᠰᠦᠨ᠎ᠡ᠂ ᠪᠦᠬᠦ ᠬᠤᠰᠢᠭᠤ ᠪᠠᠷ ᠢᠶᠠᠨ ᠪᠠᠶᠠᠷ ᠬᠦᠷ ᠲᠠᠢ᠂ ᠡᠷᠡᠭᠦᠯ ᠮᠡᠨᠳᠦ᠂ ᠠᠮᠤᠷ ᠲᠦᠪᠰᠢᠨ   ᠢᠶᠠᠷ  ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠳᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄   ᠨᠢᠭᠡ᠂  ᠬᠤᠰᠢᠭᠤᠨ ᠠᠴᠠ ᠭᠠᠷᠬᠤ ᠬᠦᠮᠦᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠥᠷᠭᠡᠨ ᠤᠯᠠᠨ ᠰᠠᠭᠤᠭᠠᠯᠢ ᠠᠷᠠᠳ ︽ ᠴᠢᠬᠤᠯᠠ ᠦᠭᠡᠢ ᠪᠣᠯ ᠬᠤᠰᠢᠭᠤᠨ ᠠᠴᠠ ᠪᠠᠨ ᠭᠠᠷᠬᠤ ᠦᠭᠡᠢ︾ ᠪᠠᠶᠢᠵᠤ᠂  ᠢᠯᠠᠩᠭᠤᠶ᠎ᠠ ᠳᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠵᠢᠴᠢ ᠲᠡᠬᠦᠨ ᠲᠠᠢ ᠬᠤᠯᠪᠤᠭᠳᠠᠭᠰᠠᠨ ᠬᠤᠰᠢᠭᠤ ᠰᠢᠶᠠᠨ ᠬᠤᠳᠠ ᠲᠣᠭᠤᠷᠢᠭ ᠲᠤ ᠣᠴᠢᠬᠤ ᠶᠢ ᠡᠷᠡᠰ ᠴᠡᠭᠡᠷᠯᠡᠨ᠎ᠡ᠃ ᠬᠠᠯᠠᠭᠤᠷᠠᠭᠰᠠᠨ ᠡᠪᠡᠳᠴᠢᠲᠡᠨ ᠪᠤᠶᠤ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠨᠢ ᠬᠡᠪ ᠤᠨ ᠪᠤᠰᠤ ᠲᠤᠬᠢᠶ᠎ᠠ ᠢᠯᠡᠷᠡᠭᠰᠡᠨ ᠬᠥᠮᠥᠰ ᠠᠶᠤᠯ ᠲᠦᠭᠰᠢᠭᠦᠷᠢ ᠶᠢ ᠠᠷᠢᠯᠭᠠᠬᠤ ᠠᠴᠠ ᠡᠮᠦᠨ᠎ᠡ ᠶᠠᠭᠠᠬᠢᠭᠰᠠᠨ ᠴᠤ ᠭᠠᠳᠠᠭᠰᠢ ᠭᠠᠷᠴᠤ ᠪᠣᠯᠬᠤ ᠦᠭᠡᠢ᠃       ᠬᠤᠶᠠᠷ᠂  ᠢᠷᠡᠬᠦ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠣᠶᠢᠷ᠎ᠠ ᠶᠢᠨ 14 ᠡᠳᠦᠷ ᠤᠨ ᠳᠣᠲᠣᠷ᠎ᠠ ᠂ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠢᠶᠠᠷ ᠶᠠᠪᠤᠵᠤ ᠬᠦᠷᠦᠭᠰᠡᠨ᠂ ᠬᠢᠵᠢᠭ ᠲᠤ ᠬᠠᠯᠳᠠᠪᠤᠷᠢᠯᠠᠭᠳᠠᠭᠰᠠᠳ  ᠲᠠᠢ ᠵᠠᠮ ᠮᠥᠷ  ᠲᠠᠪᠬᠤᠴᠠᠭᠰᠠᠨ ᠬᠦᠮᠦᠰ ᠮᠠᠨ ᠤ ᠬᠤᠰᠢᠭᠤᠨ ᠳᠤ ᠢᠷᠡᠮᠡᠭᠴᠡ ᠪᠠᠨ  ᠭᠠᠴᠠᠭ᠎ᠠ ᠲᠣᠰᠬᠤᠨ᠂ ᠨᠡᠶᠢᠭᠡᠮ ᠲᠣᠭᠤᠷᠢᠭ᠂  ᠪᠠᠶᠢᠭᠤᠯᠭ᠎ᠠ ᠨᠢᠭᠡᠴᠡ ᠪᠤᠶᠤ ᠰᠠᠭᠤᠭᠰᠠᠨ ᠪᠠᠭᠤᠳᠠᠯ ᠳᠠᠭᠠᠨ ᠮᠡᠳᠡᠬᠦᠯᠦᠨ ᠲᠠᠩᠰᠠᠯᠠᠭᠤᠯᠵᠤ᠂  ᠲᠤᠰ ᠭᠠᠵᠠᠷ ᠤᠷᠤᠨ   ᠯᠤᠭ᠎ᠠ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠲᠦᠷᠦᠯ ᠤᠨ ᠠᠷᠭ᠎ᠠ ᠠᠪᠴᠢᠯ ᠢ ᠨᠠᠶᠢᠳᠠᠪᠤᠷᠢᠵᠢᠭᠤᠯᠬᠤ ᠬᠡᠷᠡᠭᠲᠡᠢ᠃     ᠭᠤᠷᠪᠠ᠂ ᠴᠤᠭᠯᠠᠷᠠᠯ ᠤᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠲᠣᠮᠣ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ᠂ ᠳᠡᠯᠭᠡᠨ ᠪᠣᠷᠤᠯᠠᠭᠤᠯᠭ᠎ᠠ ᠂ ᠪᠠᠶᠠᠷ ᠨᠠᠶᠢᠷ ᠤᠨ ᠶᠣᠰᠣᠯᠠᠯ ᠂ ᠬᠤᠷᠠᠯ ᠴᠤᠭᠯᠠᠭᠠᠨ᠂  ᠰᠤᠷᠤᠯᠭ᠎ᠠ ᠪᠤᠯᠪᠠᠰᠤᠷᠠᠯ ᠵᠡᠷᠭᠡ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ 50 ᠬᠥᠮᠥᠨ ᠠᠴᠠ ᠳᠡᠭᠡᠭᠰᠢᠬᠢ ᠠᠵᠢᠯᠯᠠᠭ᠎ᠠ ᠳᠤ ᠪᠦᠷᠢᠨ ᠲᠡᠭᠦᠯᠳᠡᠷ ᠰᠡᠷᠭᠡᠶᠢᠯᠡᠨ ᠡᠵᠡᠮᠳᠡᠬᠦ ᠠᠷᠭ᠎ᠠ ᠲᠦᠰᠦᠪ ᠪᠠ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠲᠣᠭᠲᠠᠭᠠᠬᠤ ᠶᠢᠨ ᠬᠠᠮᠲᠤ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠮᠡᠳᠡᠬᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ ︽ᠤᠯᠠᠭᠠᠨ ᠤ ᠶᠠᠪᠤᠳᠠᠯ ᠢ ᠬᠤᠶᠢᠰᠢᠯᠠᠭᠤᠯᠬᠤ᠂ ᠴᠠᠭᠠᠨ ᠤ ᠶᠠᠪᠤᠳᠠᠯ ᠢ ᠳᠥᠭᠦᠮᠴᠢᠯᠡᠬᠦ᠂ ᠳᠠᠶᠢᠯᠠᠯᠭ᠎ᠠ ᠴᠠᠶᠢᠯᠠᠯᠭ᠎ᠠ ᠦᠯᠦ ᠪᠡᠯᠡᠳᠭᠡᠬᠦ︾ ᠶᠢ ᠰᠠᠨᠠᠭᠠᠴᠢᠯᠠᠨ᠎ᠠ᠂ ᠪᠣᠳᠠᠲᠠᠢ ᠱᠠᠭᠠᠷᠳᠠᠯᠭ᠎ᠠ ᠶᠢ ᠬᠢᠵᠢᠭ ᠤᠨ ᠪᠠᠶᠢᠳᠠᠯ ᠢ ᠦᠨᠳᠦᠰᠦᠯᠡᠨ ᠠᠰ ᠲᠤᠨᠢ ᠮᠡᠳᠡᠭᠳᠡᠨ᠎ᠡ᠃    ᠳᠥᠷᠪᠡ᠂ ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠳᠠ ᠶᠢ ᠴᠢᠩᠭᠠᠳᠬᠠᠨ᠎ᠠ᠃ ᠳᠡᠯᠭᠡᠭᠦᠷ ᠬᠤᠳᠠᠯᠳᠤᠭ᠎ᠠ᠂  ᠬᠤᠭᠤᠯᠠᠨ ᠭᠡᠷ᠂  ᠨᠠᠭᠠᠳᠤᠮ ᠲᠤᠭᠯᠠᠭᠠᠮ ᠤᠨ ᠭᠠᠵᠠᠷ ᠵᠡᠷᠭᠡ ᠡᠯ᠎ᠡ ᠲᠥᠷᠥᠯ ᠤᠨ ᠭᠤᠣᠯᠳᠠᠯᠭ᠎ᠠ ᠲᠠᠢ ᠲᠠᠯᠠᠪᠤᠷ ᠲᠤ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠯᠲᠡ ᠶᠢᠨ ᠬᠢᠨᠠᠯᠲᠠ ᠲᠠᠯᠪᠢᠭᠴᠢ ᠪᠠ  ᠴᠡᠪᠡᠷᠯᠡᠨ ᠠᠷᠢᠭᠤᠳᠬᠠᠬᠤ ᠲᠤᠰᠬᠠᠢ ᠠᠵᠢᠯᠳᠠᠨ  ᠭᠠᠷᠭᠠᠵᠤ᠂  ᠬᠠᠯᠠᠭᠤᠨ ᠢ ᠬᠡᠮᠵᠢᠬᠦ᠂ ᠠᠮᠠᠪᠴᠢ ᠵᠡᠭᠦᠬᠦ᠂ ᠠᠷᠢᠭᠤᠳᠬᠠᠯ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ  ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂  ᠠᠵᠢᠯᠳᠠᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠨ ᠬᠢᠬᠦ ᠬᠡᠷᠡᠭᠲᠡᠢ᠃ ᠺᠢᠨᠣ᠋ ᠤᠷᠳᠤᠨ᠂ ᠵᠢᠭᠤᠯᠴᠢᠯᠠᠯ ᠤᠨ ᠴᠡᠭ ᠵᠡᠷᠭᠡ ᠭᠠᠵᠠᠷ ᠲᠤ  ᠬᠦᠮᠦᠨ ᠲᠤᠭ᠎ᠠ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂ ᠭᠥᠯᠢᠶᠡᠨ ᠠᠪᠬᠤ ᠬᠥᠮᠥᠨ ᠲᠤᠭ᠎ᠠ ᠶᠢ ᠬᠢᠨᠠᠨ ᠲᠣᠭᠲᠠᠭᠠᠭᠰᠠᠨ ᠬᠥᠮᠥᠨ ᠲᠤᠭ᠎ᠠ ᠶᠢᠨ 75 % ᠠᠴᠠ ᠬᠡᠲᠦᠷᠡᠭᠦᠯᠵᠦ ᠪᠣᠯᠬᠤ ᠦᠭᠡᠢ᠃   ᠬᠤᠨᠤᠭ ᠪᠠᠭᠤᠳᠠᠯ ᠤᠨ ᠭᠠᠵᠠᠷ ᠨᠢ ᠬᠤᠨᠤᠵᠤ  ᠰᠠᠭᠤᠭᠰᠠᠨ ᠬᠦᠮᠦᠰ ᠢ  ᠨᠠᠷᠢᠨ ᠨᠢᠮᠪᠠᠢ ᠳᠡᠩᠰᠡᠯᠡᠨ ᠲᠡᠮᠳᠡᠭᠯᠡᠬᠦ ᠶᠢᠨ ᠬᠠᠮᠳᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠨ ᠬᠢᠵᠦ᠂ ᠭᠠᠳᠠᠨ᠎ᠠ ᠠᠴᠠ ᠢᠷᠡᠭᠰᠡᠨ ᠬᠥᠮᠥᠰ ᠤᠨ ᠮᠡᠳᠡᠭᠡ ᠵᠠᠩᠭᠢ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠪᠠᠶᠢᠳᠠᠯ ᠢ  ᠬᠠᠷᠢᠶ᠎ᠠ ᠣᠷᠣᠨ ᠤ ᠪᠠᠨ ᠲᠣᠮᠢᠯᠠᠭᠰᠠᠨ ᠰᠠᠯᠪᠤᠷᠢ ᠳᠤ ᠡᠳᠦᠷ ᠪᠦᠷᠢ ᠮᠡᠳᠡᠭᠦᠯᠬᠦ ᠬᠡᠷᠡᠭᠲᠡᠢ᠃  ᠡᠮ ᠤᠨ ᠳᠡᠯᠭᠡᠭᠦᠷ ᠤᠳ ᠨᠢ ︽ᠬᠠᠷᠠᠭᠤᠯ ᠤᠨ ᠭᠠᠵᠠᠷ︾ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂  ᠬᠠᠯᠠᠭᠤᠨ ᠪᠠᠭᠤᠷᠠᠭᠤᠯᠬᠤ᠂ ᠬᠠᠨᠢᠶᠠᠳᠤ ᠵᠣᠭᠰᠤᠭᠠᠬᠤ᠂ ᠸᠢᠷᠦ᠋ᠰ ᠡᠰᠡᠷᠭᠦᠴᠡᠬᠦ᠂ ᠪᠠᠺᠲ᠋ᠧᠷᠢ ᠡᠰᠡᠷᠭᠦᠴᠡᠬᠦ ︽ᠳᠥᠷᠪᠡᠨ ᠲᠥᠷᠥᠯ ᠤᠨ ᠡᠮ︾ ᠢ ᠬᠤᠳᠠᠯᠳᠤᠨ  ᠠᠪᠬᠤ ᠳᠤ ᠡᠷᠬᠡᠪᠰᠢ ᠺᠣᠳ᠋ ᠰᠢᠷᠪᠢᠵᠦ  ᠲᠠᠩᠰᠠᠯᠠᠬᠤ ᠶᠢᠨ ᠬᠠᠮᠲᠤ᠂ ᠡᠳᠦᠷ ᠪᠦᠷᠢ ᠶᠢᠨ  ᠲᠠᠩᠰᠠᠯᠠᠭᠰᠠᠨ ᠮᠡᠳᠡᠭᠡ ᠵᠠᠩᠭᠢ ᠪᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ  ᠮᠡᠳᠡᠬᠦᠯᠬᠦ ᠬᠡᠷᠡᠭᠲᠡᠢ᠃       ᠲᠠᠪᠤ᠂ ᠬᠤᠪᠢ ᠬᠥᠮᠥᠨ ᠤ ᠰᠡᠷᠭᠡᠶᠢᠯᠡᠯᠳᠡ ᠬᠠᠮᠠᠭᠠᠯᠠᠯᠲᠠ ᠪᠠᠨ ᠴᠢᠩᠭᠠᠳᠬᠠᠨ᠎ᠠ᠃ ᠥᠷᠭᠡᠨ ᠤᠯᠠᠨ ᠰᠠᠭᠤᠭᠠᠯᠢ ᠠᠷᠠᠳ ᠬᠤᠪᠢ ᠬᠥᠮᠥᠨ ᠤ ᠬᠠᠮᠠᠭᠠᠯᠠᠯᠲᠠ  ᠪᠠᠨ ᠰᠠᠶᠢᠨ ᠬᠢᠵᠦ᠂ ᠠᠮᠠᠪᠴᠢ ᠵᠡᠭᠦᠬᠦ ᠪᠠᠨ ᠲᠦᠷᠢᠮᠵᠢᠬᠦᠯᠦᠨ᠂  ︽ᠠᠶᠤᠯᠬᠦᠢ  ᠵᠠᠢ ︾ ᠶᠢ ᠪᠠᠲᠤᠯᠠᠵᠤ᠂  ᠬᠤᠪᠢ ᠪᠡᠶ᠎ᠡ ᠶᠢᠨ ᠡᠷᠡᠭᠦᠯ ᠬᠠᠮᠠᠭᠠᠯᠠᠯ ᠢᠶᠠᠨ ᠠᠩᠬᠠᠷᠬᠤ ᠶᠢᠨ ᠬᠠᠮᠳᠤ᠂ ᠰᠡᠷᠭᠡᠶᠢᠯᠡᠯᠳᠡ ᠶᠢᠨ ᠲᠠᠷᠢᠯᠭ᠎ᠠ ᠶᠢ ᠢᠳᠡᠪᠬᠢᠲᠡᠢ ᠲᠠᠷᠢᠭᠤᠯᠵᠤ᠂ ᠬᠤᠶᠠᠳᠠᠭᠢ ᠲᠠᠷᠢᠯᠭ᠎ᠠ ᠪᠠᠨ ᠬᠢᠯᠭᠡᠭᠡᠳ ᠪᠦᠬᠦᠯᠢ 6 ᠰᠠᠷ᠎ᠠ ᠪᠣᠯᠤᠭᠰᠠᠨ ᠬᠥᠮᠥᠰ  ᠭᠤᠷᠪᠠᠳᠤᠭᠠᠷ ᠲᠠᠷᠢᠯᠭ᠎ᠠ ᠶᠢ ᠴᠠᠭ ᠲᠤᠬᠠᠢ ᠳᠤᠨᠢ ᠲᠠᠷᠢᠭᠤᠯᠤᠨ᠂  ᠰᠡᠷᠭᠡᠶᠢᠯᠡᠯᠳᠡ ᠶᠢᠨ ᠬᠠᠯᠬᠠᠪᠴᠢ ᠶᠢ ᠬᠠᠮᠲᠤ ᠪᠠᠷ ᠴᠤᠭᠴᠠᠯᠠᠬᠤ ᠭᠡᠷᠡᠭᠳᠡᠢ᠃               ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ         2022 ᠣᠨ ᠤ 4 ᠰᠠᠷ᠎ᠠ ᠶᠢᠨ 19 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号