ᠴᠠᠭ ᠲᠤᠬᠢᠶᠠᠯ ᠢ ᠵᠠᠪᠳᠤᠨ ᠬᠠᠪᠤᠷ ᠤᠨ ᠲᠠᠷᠢᠶᠠᠯᠠᠭ᠎ᠠ ᠪᠠᠨ ᠪᠡᠯᠡᠳᠬᠡᠨᠡᠮ
ᠨᠡᠶᠢᠲᠡᠯᠡᠭᠰᠡᠨ ᠴᠠᠭ᠄
2022/4/21
  ︽ᠵᠢᠯ ᠤᠨ ᠠᠵᠢᠯ ᠬᠠᠪᠤᠷ ᠲᠠᠭᠠᠨ ᠪᠤᠢ︾ ᠭᠡᠳᠡᠭ ᠢᠶᠠᠷ᠂ ᠲᠠᠶᠢᠹᠦᠰᠧ ᠬᠤᠰᠢᠭᠤ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ  ᠲᠣᠭᠤᠷᠢᠨ ᠳᠤ ᠡᠷᠲᠡ ᠠᠴᠠ ᠰᠦᠪᠡᠭᠴᠢᠯᠡᠵᠦ᠂ ᠡᠷᠲᠡ ᠠᠴᠠ ᠲᠠᠶᠢᠴᠢᠯᠠᠵᠤ᠂ ᠡᠷᠲᠡ ᠠᠴᠠ ᠲᠣᠬᠢᠷᠠᠭᠤᠯᠵᠤ᠂ ᠤᠯᠠᠨ ᠠᠷᠭ᠎ᠠ ᠶᠢ ᠵᠡᠷᠭᠡᠪᠡᠷ ᠭᠡᠷᠡᠭᠵᠢᠬᠦᠯᠦᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠭᠦ ᠬᠦᠴᠦᠨ ᠢᠶᠠᠷ  ᠰᠠᠶᠢᠲᠤᠷ ᠠᠳᠬᠤᠵᠤ᠂ ᠪᠦᠭᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠡᠮᠬᠢ ᠳᠢᠭᠯᠢᠮ ᠲᠠᠢ ᠶᠠᠪᠤᠭᠳᠠᠬᠤ ᠶᠢ ᠪᠠᠳᠤᠯᠠᠵᠤ ᠪᠠᠶᠢᠨ᠎ᠠ᠃     ᠣᠶᠢᠷ᠎ᠠ ᠳᠤ᠂ ᠲᠠᠶᠢᠹᠤᠰᠧ ᠬᠤᠰᠢᠭᠤᠨ ᠤ ᠲᠠᠷᠢᠶᠠᠯᠠᠬᠤ ᠤᠷᠤᠨ ᠢᠶᠠᠷ ᠬᠦᠷᠬᠦᠶ᠎ᠡ᠂ ᠭᠠᠵᠠᠷ ᠪᠣᠯᠭᠠᠨ ᠳᠤ ᠮᠠᠰᠢᠨ ᠺᠤᠮᠪᠠᠶᠢᠨ ᠤ ᠲᠠᠭᠤᠨ ᠲᠦᠴᠢᠬᠢᠨᠡᠵᠦ᠂  ᠬᠦᠷᠦᠰᠦ ᠰᠢᠷᠤᠢ ᠶᠢᠨ ᠴᠢᠬᠢᠭ ᠦᠨᠦᠷᠳᠦᠭᠡᠳ᠂  ᠲᠠᠷᠢᠶᠠᠴᠢᠳ ᠬᠠᠪᠤᠷ ᠤᠨ ᠲᠠᠷᠢᠶᠠᠯᠠᠭ᠎ᠠ ᠶᠢᠨ ᠠᠰᠢᠭᠲᠠᠢ ᠴᠠᠭ ᠲᠣᠬᠢᠶᠠᠯ ᠢ ᠵᠠᠪᠳᠤᠨ᠂ ᠭᠠᠵᠠᠷ ᠬᠠᠭᠠᠯᠬᠤ᠂  ᠪᠣᠷᠳᠣᠭᠤᠷ ᠣᠷᠣᠭᠤᠯᠬᠤ᠂ ᠲᠠᠷᠢᠵᠤ ᠤᠰᠤᠯᠠᠬᠤ ᠠᠵᠢᠯ ᠢᠶᠠᠨ ᠶᠠᠭᠠᠷᠠᠯᠳᠠᠢ ᠬᠢᠭᠡ ᠨᠢ ᠬᠠᠷᠠᠭᠳᠠᠨ᠎ᠠ᠃     ︽ᠲᠠᠶᠢᠹᠤᠰᠧ ᠬᠤᠰᠢᠭᠤ ᠨᠢ ᠬᠢᠲᠠᠳ ᠡᠮ ᠤᠨ ᠮᠠᠲ᠋ᠧᠷᠢᠶᠠᠯ᠂ ᠢᠯᠠᠩᠭᠤᠶ᠎ᠠ ᠬᠤᠨᠴᠢᠷ ᠳᠠᠷᠢᠬᠤ ᠣᠨᠴᠠ ᠰᠠᠶᠢᠨ ᠨᠥᠬᠦᠴᠡᠯ ᠲᠠᠢ᠂ ᠮᠠᠨ ᠤ ᠺᠣᠮᠫᠠᠨᠢ 2015 ᠣᠨ ᠳᠤ ᠪᠠᠶᠢᠭᠤᠯᠤᠭᠳᠠᠭᠰᠠᠨ ᠠᠴᠠ ᠨᠠᠰᠢ ᠵᠢᠯ ᠪᠦᠷᠢ ᠬᠤᠨᠴᠢᠷ ᠳᠠᠷᠢᠵᠤ ᠪᠤᠢ᠂ ᠡᠨᠡ ᠵᠢᠯ ᠪᠠᠰᠠ 1000 ᠭᠠᠷᠤᠢ ᠮᠦ ᠲᠠᠷᠢᠬᠤ ᠪᠠᠷ ᠲᠦᠯᠦᠪᠯᠡᠭᠰᠡᠨ᠂  ᠤᠳᠤ  ᠶᠠᠭ ᠬᠢᠲᠠᠳ ᠡᠮ ᠤᠨ ᠮᠠᠲ᠋ᠧᠷᠢᠶᠠᠯ ᠳᠠᠷᠢᠬᠤ ﹇ᠰᠢᠵᠢᠷ ᠠᠯᠲᠠᠨ ᠴᠠᠭ ᠦᠶ᠎ᠡ  ﹈ ᠪᠤᠯᠤᠨ᠎ᠠ᠃ ᠣᠶᠢᠷ᠎ᠠ ᠶᠢᠨ ᠡᠳᠦᠷ ᠤᠳ ᠲᠤ ᠮᠠᠨᠠᠶᠢᠬᠢᠨ ᠲᠠᠷᠢᠶᠠᠯᠠᠭ᠎ᠠ ᠶᠢᠨ  ﹇ᠬᠤᠷᠳᠤᠯᠠᠭᠤᠷ ᠳᠠᠷᠤᠪᠴᠢ﹈ ᠶᠢ ᠳᠠᠷᠤᠵᠤ᠂ ᠭᠠᠵᠠᠷ ᠬᠠᠭᠠᠯᠬᠤ᠂ ᠴᠢᠬᠢ ᠪᠣᠶᠢᠵᠢᠭᠤᠯᠬᠤ᠂ ᠮᠥᠴᠢᠷ ᠬᠠᠶᠢᠴᠢᠯᠠᠬᠤ᠂  ᠲᠠᠷᠢᠵᠤ ᠰᠠᠭᠤᠯᠭᠠᠬᠤ ᠠᠵᠢᠯ ᠢᠶᠠᠨ ᠰᠢᠮᠳᠠᠭᠤᠯᠤᠨ ᠬᠢᠵᠦ ᠪᠠᠶᠢᠭ᠎ᠠ︾  ᠬᠡᠵᠦ ᠥᠪᠥᠷ ᠮᠣᠩᠭᠤᠯ ᠤᠨ ᠯᠢᠦᠢ ᠼᠤᠤ ᠲᠠᠩ ᠡᠮ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠭᠠᠭᠠᠮᠠᠯ ᠱᠢ ᠬᠤᠸᠠ ᠢᠦᠢ ᠲᠠᠨᠢᠯᠴᠠᠭᠤᠯᠤᠯ᠎ᠠ᠃      ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠬᠢᠯᠡᠭᠰᠡᠨ ᠠᠴᠠ ᠨᠠᠰᠢ᠂  ᠲᠤᠰ ᠬᠤᠰᠢᠭᠤ ᠨᠢ ︽ᠲᠠᠯᠠᠪᠠᠶ ᠶᠢ ᠲᠣᠭᠲᠠᠪᠤᠷᠢᠵᠢᠭᠤᠯᠬᠤ᠂ ᠪᠦᠲᠦᠴᠡ ᠶᠢ ᠰᠢᠯᠢᠳᠡᠭᠵᠢᠭᠦᠯᠬᠦ᠂ ᠴᠢᠨᠠᠷ ᠢ ᠰᠠᠶᠢᠵᠢᠷᠠᠭᠤᠯᠬᠤ︾ ᠠᠵᠢᠯ ᠤᠨ  ᠰᠡᠳᠬᠢᠴᠡ ᠪᠠᠷ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠨᠥᠬᠦᠪᠦᠷᠢ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠨᠥᠬᠦᠪᠦᠷᠢ᠂ ᠰᠢᠬᠢᠷ ᠯᠤᠤᠪᠠᠩ ᠤᠨ ᠨᠥᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠵᠡᠷᠭᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠲᠠᠶᠢᠴᠢᠯᠠᠨ᠂ ᠠᠮᠤ ᠪᠤᠳᠠᠭᠠᠨ ᠤ ᠲᠠᠷᠢᠮᠠᠯ ᠤᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂  ᠲᠠᠷᠢᠶᠠᠯᠠᠩ  ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠤᠨ᠂ ᠪᠥᠬᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠵᠤ᠂ ᠵᠠᠩᠭᠢᠯᠠᠭ᠎ᠠ ᠶᠢ ᠡᠵᠡᠮᠳᠡᠨ᠂ ᠭᠤᠣᠯᠳᠠᠯᠭ᠎ᠠ ᠶᠢ  ᠲᠤᠪᠤᠶᠢᠯᠭᠠᠵᠤ᠂ ᠡᠷᠲᠡ ᠠᠴᠠ   ᠬᠦᠳᠡᠯᠦᠨ᠂ ᠡᠷᠲᠡ ᠠᠴᠠ ᠪᠡᠯᠡᠳᠬᠡᠵᠦ᠂  ᠲᠠᠷᠢᠵᠤ ᠤᠷᠭᠤᠭᠤᠯᠬᠤ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ ᠲᠠᠷᠢᠮᠠᠯ ᠤᠨ ᠪᠦᠲᠦᠴᠡ ᠶᠢ ᠲᠤᠬᠢᠷᠠᠭᠤᠯᠤᠨ᠂ ᠰᠢᠯᠢᠳᠡᠭ   ᠲᠠᠷᠢᠮᠠᠯ ᠤᠨ ᠲᠦᠷᠦᠯ ᠢ ᠰᠣᠩᠭᠤᠨ ᠬᠡᠷᠡᠭᠯᠡᠵᠦ᠂ ᠥᠨᠳᠥᠷ ᠦᠷ᠎ᠡ ᠠᠰᠢᠭᠲᠤ ᠲᠠᠷᠢᠮᠠᠯ ᠢ ᠬᠦᠭᠵᠢᠬᠦᠯᠦᠨ᠂  ᠤᠨᠠᠯᠳᠠ ᠭᠠᠷᠤᠯᠲᠠ ᠶᠢ ᠲᠡᠭᠡᠭᠰᠢᠯᠡᠬᠦᠯᠵᠦ ᠠᠰᠢᠭ ᠣᠷᠣᠯᠭ᠎ᠠ ᠶᠢ ᠨᠡᠮᠡᠭᠳᠡᠭᠦᠯᠬᠦ ᠪᠠᠷ ᠴᠢᠷᠮᠠᠶᠢᠵᠠᠢ᠃       ᠳ᠋ᠠ ᠭᠧ ᠳ᠋ᠦᠩ ᠲᠣᠰᠬᠤᠨ ᠤ ᠢᠦᠢ ᠾᠧ ᠲᠥᠮᠥᠰᠥᠨ ᠤ ᠬᠢᠵᠠᠭᠠᠷᠲᠤ ᠺᠣᠮᠫᠠᠨᠢ ᠶᠢᠨ ᠲᠥᠮᠥᠰᠥ ᠬᠠᠳᠠᠭᠠᠯᠠᠬᠤ ᠵᠣᠭᠤᠷᠢ ᠶᠢᠨ ᠡᠮᠦᠨ᠎ᠡ᠂  30 ᠰᠢᠬᠠᠮ  ᠬᠦᠯᠦᠰᠦᠨ ᠠᠵᠢᠯᠴᠢᠨ ᠶᠠᠭ  ᠲᠦᠮᠦᠰᠦᠨ ᠤ ᠦᠷ᠎ᠡ ᠭᠡᠷᠴᠢᠵᠦ᠂ ᠤᠨᠠᠭᠰᠠᠨ ᠮᠠᠯᠠᠭᠠᠢ ᠰᠢᠬᠦᠷᠬᠦ ᠵᠠᠪ ᠦᠬᠡᠢ ᠶᠠᠭᠠᠷᠠᠵᠠᠭᠠᠨ᠎ᠠ᠃ ︽ᠮᠠᠨ ᠤ ᠺᠤᠮᠫᠠᠨᠢ ᠶᠢᠨ ᠲᠠᠷᠢᠶᠠᠯᠠᠭ᠎ᠠ ᠶᠢᠨ ᠪᠡᠯᠡᠳᠬᠡᠯ 4 ᠰᠠᠷ᠎ᠠ ᠶᠢᠨ ᠳᠤᠮᠳᠠᠴᠢ ᠠᠴᠠ ᠡᠬᠢᠯᠡᠭᠰᠡᠨ᠂  ᠡᠨᠡ  ᠵᠢᠯ 4000 ᠮᠦ ᠲᠦᠮᠦᠰᠦ᠂ 1500 ᠮᠦ ᠯᠠᠩᠭᠤᠸᠠ᠂ 150  ᠬᠦᠯᠡᠮᠵᠢ ᠢᠳᠡᠰᠢᠨ ᠨᠣᠭᠤᠭ᠎ᠠ᠂ 100 ᠬᠦᠯᠡᠮᠵᠢ ᠵᠢᠵᠢᠭ ᠲᠥᠮᠥᠰᠥ ᠲᠠᠷᠢᠬᠤ ᠪᠠᠷ ᠲᠦᠯᠦᠪᠯᠡᠵᠡᠢ᠃ ᠣᠳᠣᠬᠠᠨ ᠳᠤ᠂ ᠬᠢᠮᠢ ᠶᠢᠨ ᠪᠣᠷᠳᠣᠭᠤᠷ᠂ ᠲᠠᠷᠢᠶᠠᠯᠠᠩ ᠤᠨ ᠡᠮ  ᠵᠢᠴᠢ ᠬᠦᠮᠦᠨ ᠤ ᠬᠦᠴᠦᠨ ᠪᠦᠷ ᠪᠡᠯᠡᠨ ᠪᠤᠯᠤᠭᠰᠠᠨ᠃   ᠮᠠᠨᠠᠶᠢᠬᠢᠨ ᠡᠳᠦᠷ ᠪᠦᠷᠢ  ᠪᠠᠷᠤᠭ 200 ᠣᠷᠴᠢᠮ ᠠᠵᠢᠯᠴᠢᠨ ᠭᠡᠷᠡᠭᠯᠡᠨ᠎ᠡ᠂  ᠡᠶᠢᠮᠦ  ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠴᠤ ᠤᠨᠴᠠ ᠠᠩᠬᠠᠷᠴᠤ᠂  ᠮᠡᠳᠡᠭᠦᠯᠦᠨ ᠲᠠᠩᠰᠠᠯᠠᠭᠤᠯᠬᠤ᠂  ᠪᠥᠭᠡᠮ ᠬᠦᠴᠢᠯ ᠤᠨ ᠪᠠᠶᠢᠴᠠᠭᠠᠯᠳᠠ ᠬᠢᠬᠦ ᠠᠷᠭ᠎ᠠ ᠲᠦᠷᠢᠮ ᠢ ᠶᠤᠰᠤᠴᠢᠯᠠᠨ ᠭᠡᠷᠡᠭᠵᠢᠬᠦᠯᠵᠦ᠂ ᠬᠢᠵᠢᠭ ᠰᠡᠷᠭᠡᠶᠢᠯᠡᠯᠳᠡ ᠪᠠ ᠬᠠᠪᠤᠷ ᠤᠨ ᠲᠠᠷᠢᠶᠠᠯᠠᠭ᠎ᠠ ᠶᠢᠨ ᠠᠯᠢ ᠠᠯᠢᠨ ᠢ ᠨᠢ ᠰᠠᠭᠠᠲᠠᠭᠠᠬᠤ ᠦᠭᠡᠢ ᠪᠠᠷ ᠴᠢᠷᠮᠠᠶᠢᠵᠤ ᠪᠠᠶᠢᠨ᠎ᠠ︾  ᠬᠡᠮᠡᠨ ᠺᠣᠮᠫᠠᠨᠢ ᠶᠢᠨ ᠳᠠᠭᠠᠭᠠᠮᠠᠯ ᠶᠠᠷᠢᠨᠠᠮ᠃        ᠪᠦᠷᠢᠳᠭᠡᠭᠰᠡᠨ ᠢᠶᠠᠷ᠂ 2022 ᠣᠨ ᠳᠤ ᠲᠠᠶᠢᠹᠤᠰᠧ ᠬᠤᠰᠢᠭᠤᠨ ᠤ ᠲᠠᠷᠢᠮᠠᠯ ᠤᠨ ᠲᠠᠯᠠᠪᠠᠶ 141.7 ᠲᠦᠮᠡᠨ ᠮᠦ ᠳᠤ ᠬᠦᠷᠴᠦ᠂ ᠡᠭᠦᠨ ᠤ ᠲᠤᠳᠤᠷ᠎ᠠ ᠠᠮᠤ ᠪᠤᠳᠠᠭᠠᠨ ᠤ ᠲᠠᠷᠢᠮᠠᠯ 86.5 ᠲᠦᠮᠡᠨ ᠮᠦ᠂ ᠲᠣᠰᠣᠯᠢᠭ ᠲᠠᠷᠢᠮᠠᠯ 22.2 ᠲᠦᠮᠡᠨ ᠮᠦ᠂ ᠢᠳᠡᠰᠢᠨ ᠨᠣᠭᠤᠭ᠎ᠠ 5 ᠲᠦᠮᠡᠨ ᠮᠦ᠂ ᠰᠢᠬᠢᠷ ᠯᠤᠤᠪᠠᠩ 8 ᠲᠦᠮᠡᠨ ᠮᠦ᠂ ᠡᠮ ᠤᠨ ᠮᠠᠲ᠋ᠧᠷᠢᠶᠠᠯ 0.09 ᠲᠦᠮᠡᠨ ᠮᠦ᠂ ᠪᠤᠰᠤᠳ ᠲᠠᠷᠢᠮᠠᠯ 19.91 ᠲᠦᠮᠡᠨ ᠮᠦ ᠪᠤᠢ᠃  ᠡᠬᠦᠨ ᠤ ᠬᠠᠮᠳᠤ᠂ ᠲᠤᠰ ᠬᠤᠰᠢᠭᠤ ᠨᠢ ᠡᠯ᠎ᠡ ᠲᠥᠷᠥᠯ ᠤᠨ ᠲᠠᠷᠢᠮᠠᠯ ᠤᠨ ᠦᠷ᠎ᠡ 1000 ᠲᠦᠮᠡᠨ ᠺᠢᠯᠣᠭ᠍ᠷᠠᠮ᠂ ᠰᠦᠯᠢᠶᠥᠦ ᠪᠦᠷᠬᠦᠪᠴᠢ 15 ᠲᠣᠨ  ᠂ ᠬᠢᠮᠢ   ᠶᠢᠨ ᠪᠣᠷᠳᠣᠭᠤᠷ 3300 ᠲᠣᠨ᠂ ᠲᠠᠷᠢᠶᠠᠨ ᠡᠮ 6 ᠲᠣᠨ ᠤᠷᠴᠢᠮ ᠢ ᠦᠪᠡᠷᠳᠡᠭᠡᠨ ᠪᠡᠯᠡᠳᠭᠡᠭᠰᠡᠨ ᠪᠤᠶᠤ  ᠬᠤᠳᠠᠯᠳᠤᠨ ᠤᠷᠤᠭᠤᠯᠤᠭᠠᠳ ᠪᠠᠶᠢᠭ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号